ᠲᠠᠯ᠎ᠠ ᠶᠢᠨ ᠲᠠᠪᠤᠨ ᠡᠷᠳᠡᠨᠢ  ᠪᠠᠷ ᠢᠶᠠᠨ  ᠨᠤᠳᠤᠭ ᠢᠶᠠᠨ ᠴᠢᠮᠡᠭᠰᠡᠨ ᠮᠠᠯᠴᠢᠨ
ᠨᠡᠶᠢᠲᠡᠯᠡᠭᠰᠡᠨ ᠴᠠᠭ᠄
2023/4/18
    ᠲᠠᠯ᠎ᠠ ᠶᠢᠨ ᠲᠠᠪᠤᠨ ᠡᠷᠳᠡᠨᠢ   ᠪᠠᠷ ᠢᠶᠠᠨ  ᠨᠤᠳᠤᠭ ᠢᠶᠠᠨ ᠴᠢᠮᠡᠭᠰᠡᠨ ᠮᠠᠯᠴᠢᠨ                               ᠠᠵᠠ ᠬᠡᠶᠢᠮᠦᠷᠢ ᠲᠠᠯᠠᠯᠤᠭᠰᠠᠨ ᠪᠠᠶᠠᠠᠬᠤᠰᠢᠭᠤ ᠤᠪᠤᠭ᠎ᠠ ᠪᠠᠨ ᠪᠠᠷᠠᠭᠠᠳᠠᠵᠤ᠂ ᠠᠮᠤᠭᠤᠯᠠᠩ ᠤᠷᠤᠰᠬᠠᠯᠲᠤ ᠪᠠᠯᠭᠠᠷ ᠭᠤᠤᠯ  ᠤᠨ ᠢᠶᠠᠨ ᠵᠡᠬᠦᠨ ᠲᠡᠨᠵᠢᠨ ᠳᠤ ᠰᠠᠭᠤᠷᠢᠰᠢᠨ᠂ ᠲᠠᠪᠤᠨ ᠬᠤᠰᠢᠭᠤ ᠮᠠᠯ ᠤᠨ ᠢᠶᠠᠨ ᠲᠦᠯ ᠤᠨ ᠲᠠᠭᠤᠨ ᠳᠤ ᠮᠠᠩᠨᠠᠢ ᠲᠡᠨᠡᠶᠢᠨ ᠪᠠᠶᠠᠰᠤᠨ ᠶᠠᠪᠤᠭ᠎ᠠ ᠡᠨᠡ ᠮᠠᠯᠴᠢᠨ ᠪᠤᠯ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠪᠠᠶᠠᠠᠴᠠᠭᠠᠨ ᠭᠠᠴᠠᠭᠠᠨ ᠤ ᠤᠷᠳᠤᠨᠠᠰᠤᠲᠤ ᠪᠤᠯᠤᠨ᠎ᠠ᠃
   ᠮᠠᠯᠴᠢᠨ ᠤᠷᠳᠤᠨᠠᠰᠤᠳᠤ ᠠᠪᠤ ᠲᠡᠭᠡᠳᠦᠰ ᠤᠨ ᠢᠶᠠᠨ ᠦᠶ᠎ᠡ ᠠᠴᠠ ᠮᠠᠯᠵᠢᠯ ᠤᠨ ᠬᠠᠰᠢᠷ ᠲᠤᠷᠰᠢᠯᠭ᠎ᠠ ᠶᠢ ᠦᠪᠯᠡᠨ᠂ ᠲᠡᠭᠡᠷ᠎ᠡ ᠵᠠᠭᠤᠨ ᠤ ᠶᠡᠷᠡᠭᠡᠳ ᠤᠨ ᠠᠴᠠ ᠡᠬᠢᠯᠡᠨ ᠲᠠᠪᠤᠨ ᠬᠤᠰᠢᠭᠤ ᠮᠠᠯ ᠮᠠᠯᠵᠢᠵᠤ᠂ ᠤᠪᠤᠭ᠎ᠠ ᠤᠰᠤ ᠪᠠᠨ ᠪᠠᠷᠠᠳᠠᠨ᠂ ᠪᠠᠶᠢᠭᠠᠯᠢ ᠠᠬᠤᠢ ᠶᠢᠨ ᠦᠩᠰᠢᠭ  ᠰᠠᠶᠢᠬᠠᠨ ᠳᠤ ᠦᠰᠬᠦ ᠮᠠᠯ ᠤᠨ ᠢᠶᠠᠨ ᠦᠨᠢᠷ ᠦᠰᠦᠯᠲᠡ ᠶᠢ ᠪᠡᠯᠭᠡᠳᠡᠨ᠂ ᠪᠤᠷᠪᠢ ᠪᠤᠰᠬᠢᠯ ᠦᠭᠡᠢ ᠬᠦᠳᠡᠯᠮᠦᠷᠢᠯᠡᠵᠦ᠂ ᠮᠠᠯᠵᠢᠬᠤ ᠦᠢᠯᠡᠳᠪᠦᠷᠢᠯᠡᠯ ᠢᠶᠠᠨ ᠵᠤᠬᠢᠴᠠᠭᠤᠯᠤᠨ᠂ ᠶᠠᠭᠠᠷᠠᠯᠲᠠᠢ ᠠᠵᠢᠯᠯᠠᠳᠠᠭ ᠨᠢᠭᠡᠨ ᠪᠠᠶᠢᠯ᠎ᠠ᠃
    ᠤᠷᠳᠤᠨᠠᠰᠤᠲᠤ ᠤᠨ ᠬᠢ ᠦᠪᠡᠷᠮᠢᠴᠡ ᠮᠠᠯᠵᠢᠯ ᠤᠨ ᠠᠷᠭ᠎ᠠ ᠲᠤᠷᠰᠢᠯᠭ᠎ᠠ ᠪᠠᠨ ᠤᠳᠤᠬᠢᠴᠢᠯᠠᠭᠰᠠᠨ ᠮᠠᠯ ᠠᠵᠤ ᠠᠬᠤᠢ  ᠲᠠᠢ ᠤᠷᠭᠠᠨᠢᠭ ᠢᠶᠠᠷ ᠤᠶᠠᠯᠳᠤᠭᠤᠯᠵᠤ᠂ ᠮᠠᠯ ᠠᠵᠤ ᠠᠬᠤᠢ ᠶᠢᠨ ᠰᠠᠭᠤᠷᠢ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂  ᠫᠧᠩ ᠬᠤᠷᠤᠭ᠎ᠠ᠂  ᠮᠠᠰᠢᠨ ᠬᠤᠳᠳᠤᠭ᠂ ᠡᠪᠡᠰᠦ ᠬᠠᠳᠤᠵᠤ ᠬᠠᠮᠤᠬᠤ ᠮᠠᠰᠢᠨ  ᠵᠡᠷᠭᠡ ᠮᠠᠯᠵᠢᠬᠤ ᠦᠢᠯᠡᠳᠪᠦᠷᠢᠯᠡᠯ ᠠᠮᠢᠳᠤᠷᠠᠯ ᠤᠨ ᠬᠠᠳᠠᠭᠤ ᠵᠦᠭᠡᠯᠡᠨ ᠲᠤᠨᠤᠭ ᠲᠦᠬᠦᠭᠡᠷᠦᠮᠵᠢ ᠶᠢ ᠢᠵᠢ ᠪᠦᠷᠢᠨᠰᠢᠬᠦᠯᠦᠨ᠂ ᠵᠢᠯ ᠳᠡᠭᠡᠨ ᠡᠪᠡᠰᠦ ᠪᠤᠷᠳᠤᠭ᠎ᠠ ᠬᠦᠢᠴᠡᠳ ᠬᠠᠩᠭᠠᠮᠵᠢᠲᠠᠢ ᠨᠥᠭᠡᠴᠡᠯᠡᠵᠤ᠂ ᠠᠵᠢᠯᠴᠢ ᠬᠤᠶᠠᠷ ᠭᠠᠷ ᠢᠶᠠᠷ ᠢᠶᠠᠨ᠂ ᠠᠮᠢᠳᠤᠷᠠᠯ ᠦᠢᠯᠡᠰ ᠢᠶᠠᠨ ᠪᠣᠰᠬᠠᠨ᠂ ᠠᠮᠢᠨ ᠬᠠᠶᠢᠷᠠᠲᠠᠢ ᠦᠯᠦᠭᠡᠢ ᠨᠤᠳᠤᠭ ᠢᠶᠠᠨ ᠦᠵᠡᠬᠦ ᠨᠢᠳᠦᠨ ᠤ ᠴᠡᠴᠡᠬᠡᠢ ᠮᠡᠲᠦ ᠬᠠᠶᠢᠷᠠᠯᠠᠨ ᠬᠢᠮᠠᠭᠠᠳᠠᠵᠤ᠂  ᠦᠪᠡᠷ ᠤᠨ ᠬᠤᠪᠢᠴᠢᠯᠠᠭᠰᠠᠨ ᠨᠤᠳᠤᠭ ᠲᠡᠭᠡᠷ᠎ᠡ ᠪᠠᠨ ᠪᠤᠰᠤᠳ ᠠᠴᠠ ᠵᠤᠬᠢᠬᠤ ᠬᠡᠮᠵᠢᠶᠡᠨ ᠤ ᠨᠤᠳᠤᠭ ᠲᠦᠷᠢᠶᠡᠰᠦᠯᠡᠨ᠂ ᠡᠭᠡᠯᠵᠢᠯᠡᠬᠦ ᠲᠦᠷᠪᠡᠨ ᠤᠯᠠᠷᠢᠯ ᠳᠤ ᠨᠤᠳᠤᠭ ᠪᠡᠯᠴᠢᠭᠡᠷ ᠢᠶᠠᠨ ᠰᠡᠯᠬᠦᠨ  ᠂ ᠠᠮᠢ ᠠᠬᠤᠢ ᠪᠠᠨ  ᠬᠠᠮᠠᠭᠠᠯᠠᠬᠤ ᠶᠢᠨ ᠲᠠᠭᠠᠤ ᠮᠠᠯ ᠰᠦᠷᠦᠭ  ᠢᠶᠠᠨ ᠵᠤᠬᠢᠴᠠᠭᠤᠯᠤᠨ ᠨᠢᠮᠪᠠᠢ ᠰᠠᠶᠢᠨ ᠠᠷᠠᠴᠢᠯᠠᠨ  ᠲᠤᠳᠤᠮᠳᠠᠭᠰᠠᠨ ᠢᠶᠠᠷ ᠤᠳᠤ ᠪᠤᠯᠬᠤ ᠳᠤ 350 ᠭᠠᠷᠤᠢ ᠬᠤᠨᠢ᠂ ᠨᠠᠶᠠᠭᠠᠳ ᠦᠭᠡᠷ᠂ 50 ᠭᠠᠷᠤᠢ ᠠᠳᠤᠭᠤ᠂ ᠬᠤᠷᠢᠭᠠᠳ ᠲᠡᠮᠡᠭᠡ᠂ 70 ᠭᠠᠷᠤᠢ ᠢᠮᠠᠭ᠎ᠠ ᠲᠠᠢ ᠪᠣᠯᠵᠣ᠂ ᠵᠢᠯ ᠤᠨ ᠤᠷᠤᠯᠭ᠎ᠠ   ᠨᠢ 50  ᠲᠦᠮᠡ ᠶᠢ  ᠲᠠᠪᠠᠨ᠂  ᠴᠢᠨᠡᠭᠡᠯᠢᠭ ᠠᠮᠢᠳᠤᠷᠠᠯ ᠢᠶᠠᠨ ᠴᠤᠭᠴᠠᠯᠠᠵᠤ  ᠶᠠᠪᠤᠭ᠎ᠠ ᠨᠠᠷᠠᠨ ᠤ  ᠪᠤᠷᠤ ᠮᠠᠯᠴᠢᠨ ᠪᠢᠯᠡ᠃
 
  ᠲᠡᠷᠡᠪᠡᠷ 2020 ᠤᠨ ᠳᠤ ︽ᠬᠦᠪᠳᠡᠩ︾ ᠬᠡᠷ ᠪᠦᠯᠢ ᠶᠢᠨ ᠮᠠᠯᠵᠢᠯ ᠤᠨ ᠲᠠᠯᠠᠪᠠᠢ ᠪᠠᠨ ᠲᠠᠩᠰᠠᠯᠠᠭᠤᠯᠤᠨ᠂ ᠠᠰᠢᠭ ᠤᠷᠤᠯᠭ᠎ᠠ ᠡᠬᠦᠳᠴᠦ ᠶᠠᠪᠤᠬᠤ ᠳᠠᠭᠠᠨ ᠦᠶ᠎ᠡ ᠶᠢᠨ ᠦᠶ᠎ᠡ ᠦᠪᠯᠡᠨ ᠦᠯᠡᠳᠡᠬᠡᠬᠦ ᠦᠨᠡᠲᠦ ᠡᠷᠳᠡᠨᠢ ᠬᠡᠮᠡᠨ ᠬᠦᠦ ᠰᠡᠷᠭᠦᠯᠡᠩᠴᠤᠭᠲᠤ ᠳᠠᠭᠠᠨ  ᠪᠤᠳᠠᠳᠤ ᠠᠵᠢᠯᠯᠠᠭ᠎ᠠ ᠪᠠᠷ ᠢᠶᠠᠨ ᠬᠢᠴᠢᠶᠡᠯᠯᠡᠵᠦ᠂ ᠰᠢᠨ᠎ᠡ ᠴᠠᠭ ᠦᠶ᠎ᠡ ᠶᠢᠨ ᠰᠢᠯᠢᠳᠡᠭ ᠮᠠᠯᠴᠢᠨ ᠪᠤᠯᠤᠨ  ᠬᠦᠮᠦᠵᠢᠭᠳᠡᠬᠦ ᠳᠤ ᠨᠢ  ᠬᠦᠳᠡᠯᠮᠦᠷᠢ ᠤᠬᠠᠭᠠᠨ ᠰᠣᠷᠭᠠᠨ᠂ ᠬᠠᠰᠢᠷ ᠮᠠᠯᠵᠢᠯ ᠤᠨ ᠠᠷᠭ᠎ᠠ ᠲᠤᠷᠰᠢᠯᠭ᠎ᠠ ᠪᠠᠨ ᠦᠢᠯᠡᠳᠪᠦᠷᠢᠯᠡᠯ ᠠᠮᠢᠳᠤᠷᠠᠯ ᠤᠨ ᠢᠶᠠᠨ ᠲᠤᠮᠳᠠ ᠦᠢᠯᠡᠳᠦᠯᠭᠡᠵᠢᠬᠦᠯᠵᠦ᠂  ᠪᠠᠶᠢᠭᠠᠯᠢ ᠠᠬᠤᠢ ᠪᠠᠨ ᠬᠠᠮᠠᠭᠠᠯᠠᠬᠤ ᠨᠠᠨᠳᠢᠨ ᠰᠤᠷᠭᠠᠯ ᠢ ᠦᠪᠯᠡᠵᠦ ᠶᠠᠪᠤᠨ᠎ᠠ᠃                                  
 
ᠢᠷᠡᠯᠲᠡ᠄ ᠪᠠᠷᠠᠭᠤᠨ ᠦᠵᠦᠮᠦᠴᠢᠨ ᠬᠣᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号