︽ᠪᠠᠷᠠᠭᠤᠨ  ᠦᠵᠦᠮᠦᠴᠢᠨ  ᠬᠤᠰᠢᠭᠤᠨ  ᠤ  ᠠᠷᠪᠠᠨ  ᠳᠥᠷᠪᠡᠳᠦᠭᠡᠷ  ᠬᠤᠭᠤᠴᠠᠭᠠᠨ  ᠤ ᠠᠷᠠᠳ ᠤᠨ ᠶᠡᠭᠡ ᠨᠠᠶᠢᠷ︾ ᠤᠨ ᠨᠠᠶᠢᠷ ᠤᠨ ᠰᠦᠯᠳᠡ ᠶᠢ ᠡᠯᠰᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/4/21
   ︽ᠪᠠᠷᠠᠭᠤᠨ  ᠦᠵᠦᠮᠦᠴᠢᠨ  ᠬᠤᠰᠢᠭᠤᠨ  ᠤ  ᠠᠷᠪᠠᠨ  ᠳᠥᠷᠪᠡᠳᠦᠭᠡᠷ  ᠬᠤᠭᠤᠴᠠᠭᠠᠨ  ᠤ ᠠᠷᠠᠳ ᠤᠨ ᠶᠡᠭᠡ ᠨᠠᠶᠢᠷ ︾ ᠤᠨ ᠨᠠᠶᠢᠷ ᠤᠨ ᠰᠦᠯᠳᠡ ᠶᠢ ᠡᠯᠰᠡᠬᠦ ᠲᠤᠬᠠᠢ ᠠᠯᠪᠠᠨ ᠵᠠᠷᠯᠠᠯ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠨᠠᠶᠢᠷ ᠨᠠᠭᠠᠳᠤᠮ ᠤᠨ ᠰᠣᠶᠣᠯ ᠢ ᠬᠦᠭᠵᠢᠬᠦᠯᠵᠦ᠂ ᠮᠠᠨ ᠤ ᠬᠤᠰᠢᠭᠤᠨ ᠤ ᠠᠵᠤ ᠠᠬᠤᠢ᠂ ᠰᠣᠶᠣᠯ ᠵᠢᠭᠤᠯᠴᠢᠯᠠᠯ ᠵᠡᠷᠭᠡ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠬᠠᠷᠠᠭᠤᠯᠬᠤ ᠶᠢᠨ ᠳᠦᠯᠦᠭᠡ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ 2023 ᠣᠨ ᠤ 7 ᠰᠠᠷ᠎ᠠ ᠶᠢᠨ 10 ᠤ ᠡᠳᠦᠷ ᠠᠴᠠ 13 ᠤ ᠡᠳᠦᠷ ᠪᠣᠯᠲᠠᠯ᠎ᠠ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠶᠡᠭᠡ ᠨᠠᠶᠢᠷ︾ ᠢ ᠬᠢᠬᠦ ᠪᠠᠷ ᠳᠦᠯᠦᠪᠯᠡᠵᠦ ᠪᠠᠶᠢᠨ᠎ᠠ᠃ ᠲᠣᠰ ᠡᠳᠦᠷ ᠠᠴᠠ ᠡᠬᠢᠯᠡᠨ ᠨᠡᠶᠢᠭᠡᠮ ᠨᠡᠶᠢᠲᠡ ᠠᠴᠠ ᠨᠠᠶᠢᠷ ᠤᠨ ᠰᠦᠯᠳᠡ ᠶᠢ ᠢᠯᠡ ᠪᠠᠷ ᠡᠯᠰᠡᠨ᠎ᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄   ᠨᠢᠭᠡ᠂ ᠡᠯᠰᠡᠬᠦ ᠬᠡᠪᠴᠢᠶ᠎ᠡ   ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠨᠡᠶᠢᠲᠡ ᠠᠴᠠ ᠢᠯᠡ ᠪᠠᠷ ᠡᠯᠰᠡᠵᠦ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠵᠢᠴᠢ ᠬᠤᠯᠪᠣᠭᠳᠠᠯ ᠪᠦᠬᠦᠢ ᠪᠦᠯᠬᠦᠮ ᠴᠥᠮ ᠣᠷᠣᠯᠴᠠᠵᠤ ᠪᠣᠯᠣᠨ᠎ᠠ᠃   ᠬᠤᠶᠠᠷ᠂ ᠡᠯᠰᠡᠬᠦ ᠴᠠᠭ2023 ᠣᠨ ᠤ 4 ᠰᠠᠷ᠎ᠠ ᠶᠢᠨ 19 ᠤ ᠡᠳᠦᠷ ᠠᠴᠠ 2023 ᠣᠨ ᠤ 5 ᠰᠠᠷ᠎ᠠ ᠶᠢᠨ 20 ᠤ ᠡᠳᠦᠷ ᠬᠦᠷᠲᠡᠯ᠎ᠡ   ᠭᠤᠷᠪᠠ᠂ ᠵᠤᠬᠢᠶᠠᠨ ᠪᠦᠲᠦᠭᠡᠯ ᠤᠨ ᠱᠠᠭᠠᠷᠳᠠᠯᠭ᠎ᠠ   ︵ᠨᠢᠭᠡ︶ ᠨᠠᠶᠢᠷ ᠤᠨ ᠰᠦᠯᠳᠡ ᠵᠢᠷᠤᠭ ᠤᠨ ᠲᠥᠯᠥᠪᠯᠡᠭᠡ ᠰᠢᠨ᠎ᠡ ᠰᠡᠪᠡᠭᠦᠨ᠂ ᠵᠢᠷᠤᠭ ᠳᠦᠷᠰᠦ ᠴᠡᠪᠡᠷ ᠠᠪᠰᠠᠷᠬᠠᠨ᠂ ᠳᠦᠷᠢ ᠲᠥᠷᠬᠦ ᠬᠤᠷᠴᠠ ᠲᠣᠳᠣ᠂ ᠤᠯᠠᠮᠵᠢᠯᠠᠯᠲᠤ ᠨᠠᠶᠢᠷ ᠤᠨ ᠰᠣᠶᠣᠯ ᠪᠠ ᠪᠠᠷᠠᠭᠤᠨ ᠦᠵᠦᠮᠦᠴᠢᠨ ᠬᠤᠰᠢᠭᠤᠨ ᠤ ᠲᠡᠦᠬᠡ ᠶᠢᠨ ᠤᠯᠠᠮᠵᠢᠯᠠᠯ᠂ ᠭᠠᠵᠠᠷ ᠣᠷᠣᠨ ᠤ ᠣᠨᠴᠠᠯᠢᠭ ᠢ ᠲᠤᠰᠬᠠᠵᠤ᠂ ᠵᠣᠬᠢᠬᠤ ᠬᠡᠮᠵᠢᠶᠡᠨ ᠤ ᠢᠯᠭᠠᠨ ᠲᠠᠨᠢᠭᠳᠠᠬᠤ ᠬᠡᠮᠵᠢᠶ᠎ᠡ ᠪᠠ ᠰᠣᠶᠣᠯ ᠤᠨ ᠠᠭᠤᠯᠤᠭᠳᠠᠬᠤᠨ ᠲᠠᠢ᠂ ᠤᠷᠠᠯᠢᠭ ᠤᠨ ᠢᠯᠡᠷᠡᠭᠦᠯᠦᠯ ᠤᠨ ᠬᠦᠴᠦᠨ ᠪᠠ ᠨᠥᠯᠥᠭᠡᠯᠡᠬᠦ ᠬᠦᠴᠦᠨ ᠢᠶᠠᠷ ᠴᠢᠩᠭ᠎ᠠ ᠪᠠᠶᠢᠬᠤ ᠬᠡᠷᠡᠭᠳᠡᠢ᠃    ︵ᠬᠤᠶᠠᠷ︶ ᠰᠦᠯᠳᠡ ᠵᠢᠷᠤᠭ ᠤᠨ ᠳᠦᠯᠦᠪᠯᠡᠭᠡ ᠶᠢ ᠪᠤᠳᠤᠭᠲᠤ ᠵᠢᠷᠤᠭ ᠳᠦᠷᠰᠦ ᠪᠠᠷ ᠵᠢᠷᠤᠭᠯᠠᠨ ᠳᠦᠯᠦᠪᠯᠡᠵᠦ᠂ ᠡᠯᠧᠺᠲᠷᠣᠨ ᠬᠡᠪᠯᠡᠯ ᠤᠨ ᠵᠢᠷᠤᠭᠯᠠᠨ ᠲᠥᠯᠥᠪᠯᠡᠭᠰᠡᠨ ᠬᠥᠬᠡ ᠵᠢᠷᠤᠭ᠂ ᠪᠤᠳᠤᠭᠲᠤ ᠵᠢᠷᠤᠭ ᠪᠠ ᠵᠢᠷᠤᠭᠯᠠᠨ ᠲᠥᠯᠥᠪᠯᠡᠭᠰᠡᠨ ᠤᠶᠢᠯᠠᠭᠠᠭᠳᠠᠬᠤᠨ ᠤ ᠲᠣᠳᠣᠷᠬᠠᠶᠢᠯᠠᠯᠲᠠ ᠵᠡᠷᠭᠡ ᠶᠢ ᠲᠤᠰᠢᠶᠠᠬᠤ ᠬᠡᠷᠡᠭᠲᠡᠢ᠃ ᠡᠯᠧᠺᠲᠷᠣᠨ ᠬᠡᠪᠯᠡᠯ ᠤᠨ ᠵᠢᠷᠤᠭ ᠲᠥᠯᠥᠪᠯᠡᠭᠡᠨ ᠤ ᠵᠢᠷᠤᠭ ᠤᠨ ᠲᠣᠳᠣᠷᠠᠴᠠ ᠨᠢ 300dpi ᠠᠴᠠ ᠳᠣᠣᠷ᠎ᠠ ᠪᠠᠶᠢᠵᠤ ᠪᠣᠯᠬᠤ ᠦᠭᠡᠢ᠂ ᠬᠡᠯᠪᠡᠷᠢ ᠨᠢ JPG ᠪᠤᠶᠤ TIFF ᠬᠡᠯᠪᠡᠷᠢ ᠲᠠᠢ ᠪᠠᠶᠢᠵᠦ᠂ ᠪᠤᠳᠤᠭᠲᠤ ᠦᠷ᠎ᠡ ᠪᠦᠲᠦᠭᠡᠯ ᠤᠨ ᠵᠢᠷᠤᠭ ᠤᠨ ᠴᠠᠭᠠᠰᠤᠨ ᠤ ᠬᠡᠪ ᠪᠠᠷᠢᠮᠵᠢᠶ᠎ᠠ ᠨᠢ 8 ᠵᠦᠰᠦᠮ ᠪᠤᠶᠤ 16 ᠵᠦᠰᠦᠮ ᠪᠠᠶᠢᠬᠤ ᠬᠡᠷᠡᠭᠳᠡᠢ᠃   ︵ᠭᠤᠷᠪᠠ︶ ᠡᠯᠰᠡᠭᠳᠡᠬᠦ ᠪᠦᠲᠦᠭᠡᠯ ᠨᠢ ᠡᠷᠬᠡᠪᠰᠢ ᠤᠭ ᠪᠦᠲᠦᠭᠡᠯ ᠪᠠᠶᠢᠵᠦ᠂ ᠶᠠᠮᠠᠷᠴᠦ ᠬᠡᠯᠪᠡᠷᠢ ᠪᠠᠷ ᠨᠡᠶᠢᠲᠡᠯᠡᠭᠰᠡᠨ ᠦᠭᠡᠢ ᠪᠠᠶᠢᠬᠤ ᠬᠡᠷᠡᠭᠳᠡᠢ᠂ ᠬᠠᠭᠤᠯᠬᠤ᠂ ᠨᠡᠭᠦᠯᠭᠡᠨ ᠬᠡᠷᠡᠭᠯᠡᠬᠦ ᠵᠡᠷᠭᠡ ᠭᠤᠷᠪᠠᠳᠠᠭᠢ ᠡᠲᠡᠭᠡᠳ ᠤᠨ  ᠵᠤᠬᠢᠶᠠᠨ ᠪᠦᠲᠦᠭᠡᠯ ᠤᠨ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠤᠢᠢᠯᠠ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃   ᠳᠦᠷᠪᠡ᠂  ᠵᠤᠬᠢᠶᠠᠨ ᠪᠦᠳᠦᠭᠡᠯ ᠢ ᠲᠤᠰᠢᠶᠠᠬᠤ   ︵ᠨᠢᠭᠡ︶ ᠵᠤᠬᠢᠶᠠᠭᠴᠢ ᠨᠢ ᠰᠢᠤᠳᠠᠨ ᠢᠶᠠᠷ ᠢᠯᠡᠭᠡᠬᠦ ᠪᠤᠶᠤ ᠡᠯᠧᠺᠲᠷᠣᠨ ᠰᠢᠤᠳᠠᠨ ᠤ ᠠᠷᠭ᠎ᠠ ᠮᠠᠶ᠋ᠢᠭ ᠢᠶᠠᠷ ᠡᠬᠡ ᠪᠢᠴᠢᠭ ᠢᠶᠠᠨ ᠢᠯᠡᠭᠡᠨ᠎ᠡ᠃ ᠰᠢᠤᠳᠠᠨ ᠢᠶᠠᠷ ᠶᠠᠪᠤᠭᠤᠯᠬᠤ ᠳᠠᠭᠠᠨ ᠵᠠᠬᠢᠳᠠᠯ ᠤᠨ ᠳᠤᠭᠲᠤᠢ ᠳᠡᠭᠡᠷ᠎ᠡ ᠪᠠᠨ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠶᠡᠭᠡ ᠨᠠᠶᠢᠷ ᠤᠨ ᠨᠠᠶᠢᠷ ᠤᠨ ᠰᠦᠯᠳᠡ  ᠶᠢᠨ ᠪᠦᠲᠦᠭᠡᠯ ᠤᠨ ᠡᠮᠬᠢᠳᠬᠡᠯ︾ ᠭᠡᠵᠦ ᠪᠢᠴᠢᠭᠡᠷᠡᠢ᠃   ︵ᠬᠤᠶᠠᠷ︶ ᠵᠤᠬᠢᠶᠠᠭᠴᠢ ᠨᠢ ᠡᠷᠬᠡᠪᠰᠢ ᠬᠤᠪᠢ ᠬᠥᠮᠥᠨ ᠤ ᠬᠦᠴᠦᠨ ᠪᠦᠬᠦᠢ ᠭᠡᠷᠡᠴᠢ ᠦᠨᠡᠮᠯᠡᠯ ᠤᠨ ᠬᠠᠭᠤᠯᠠᠪᠤᠷᠢ ᠪᠠᠨ ᠬᠠᠩᠭᠠᠵᠤ᠂ ᠪᠦᠯᠬᠦᠮ ᠤᠨ ᠨᠡᠷ᠎ᠡ ᠪᠠᠷ ᠪᠦᠲᠦᠭᠡᠯ ᠢᠶᠠᠨ ᠲᠤᠰᠢᠶᠠᠬᠤ ᠳᠤ ᠡᠷᠬᠡᠪᠰᠢ ᠬᠤᠯᠪᠣᠭᠳᠠᠯ ᠪᠦᠬᠦᠢ ᠬᠢᠷᠢ ᠭᠡᠮ ᠤᠨ ᠭᠡᠷᠡᠴᠢ ᠪᠠᠨ ᠲᠤᠰᠢᠶᠠᠬᠤ ᠶᠢᠨ ᠬᠠᠮᠲᠤ ᠠᠯᠪᠠᠨ ᠲᠠᠮᠠᠭ᠎ᠠ ᠪᠠᠨ ᠳᠠᠷᠤᠭᠰᠠᠨ ᠪᠠᠶᠢᠬᠤ ᠬᠡᠷᠡᠭᠲᠡᠢ᠃   ︵ᠭᠤᠷᠪᠠ︶ ᠪᠦᠬᠦᠶᠢᠯᠡ ᠡᠯᠰᠡᠭᠰᠡᠨ ᠪᠦᠲᠦᠭᠡᠯ ᠢ ᠪᠤᠴᠠᠭᠠᠵᠤ ᠥᠭᠬᠦ ᠦᠭᠡᠢ᠂ ᠡᠬᠡ ᠪᠢᠴᠢᠭ ᠢᠶᠠᠨ ᠶᠠᠪᠤᠭᠤᠯᠤᠭᠰᠠᠳ ᠡᠬᠡ ᠪᠢᠴᠢᠭ ᠢᠶᠠᠨ ᠦᠪᠡᠷᠳᠡᠭᠡᠨ ᠨᠢᠭᠡ ᠬᠤᠪᠢ ᠦᠯᠡᠳᠡᠭᠡᠬᠦ ᠪᠣᠯᠪᠠᠤ᠃   ᠬᠠᠶ᠋ᠢᠭ᠄ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠤᠨ ᠲᠣᠮᠣ ᠠᠰᠠᠷ ᠤᠨ ᠠᠷᠪᠠᠳᠤᠭᠠᠷ ᠳᠠᠪᠬᠤᠷ ᠤᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠵᠢᠭᠤᠯᠴᠢᠯᠠᠯ ᠤᠨ ᠲᠠᠰᠤᠭ  ᠰᠢᠤᠳᠠᠨ ᠳ᠋ᠤᠭᠠᠷ᠄ 026200  ᠬᠠᠷᠢᠯᠴᠠᠬᠤ ᠤᠲᠠᠰᠤ᠄ 13947920312  ᠢᠮᠧᠯ᠄ xwqwhlysyfzzx@163.com   ᠬᠠᠷᠢᠯᠴᠠᠬᠤ ᠬᠥᠮᠥᠨ᠄ ᠤᠷᠢᠬᠠᠨ   ᠲᠠᠪᠤ᠂ ᠦᠨᠡᠯᠡᠨ ᠰᠢᠯᠭᠠᠷᠠᠭᠤᠯᠬᠤ ᠪᠠ ᠱᠠᠩᠨᠠᠬᠤ ᠠᠷᠭ᠎ᠠ   ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠶᠡᠭᠡ ᠨᠠᠶᠢᠷ ᠤᠨ ᠵᠣᠬᠢᠶᠠᠨ ᠪᠠᠶᠢᠭᠤᠯᠬᠤ ᠺᠣᠮᠢᠰ ᠤᠨ ᠶᠡᠷᠦᠩᠬᠡᠢ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ  ᠦᠨᠡᠯᠡᠨ ᠰᠢᠯᠭᠠᠷᠠᠭᠤᠯᠬᠤ ᠺᠣᠮᠢᠰ ᠪᠠᠶᠢᠭᠤᠯᠵᠤ᠂ ᠡᠯᠰᠡᠭᠰᠡᠨ ᠪᠦᠲᠦᠭᠡᠯ ᠢ ᠦᠨᠡᠯᠡᠨ ᠰᠢᠯᠭᠠᠷᠠᠭᠤᠯᠤᠨ᠎ᠠ᠃ ᠲᠤᠰᠬᠠᠢ ᠮᠡᠷᠭᠡᠵᠢᠯᠲᠡᠨ ᠤ ᠦᠨᠡᠯᠡᠨ ᠰᠢᠯᠭᠠᠷᠠᠭᠤᠯᠬᠤ ᠺᠣᠮᠢᠰ ᠨᠢ ᠰᠣᠩᠭᠤᠭᠤᠯᠢ ᠳᠤ ᠤᠷᠤᠯᠴᠠᠭᠰᠠᠨ ᠪᠦᠳᠦᠭᠡᠯ ᠢ ᠬᠢᠨᠠᠨ ᠦᠵᠡᠵᠦ᠂ ᠶᠠᠷᠢᠯᠴᠠᠨ ᠠᠳᠠᠯᠢᠳᠬᠠᠭᠰᠠᠨ ᠰᠠᠭᠤᠷᠢᠨ ᠳᠡᠭᠡᠷ᠎ᠡ᠂ ᠡᠯᠰᠡᠭᠰᠡᠨ ᠪᠦᠲᠦᠭᠡᠯ ᠳᠤ ᠠᠩᠬᠠᠨ ᠤ ᠰᠢᠯᠭᠠᠷᠠᠭᠤᠯᠤᠯᠲᠠ᠂ ᠳᠠᠬᠢᠨ ᠰᠢᠯᠭᠠᠷᠠᠭᠤᠯᠤᠯᠲᠠ ᠪᠠ ᠡᠴᠦᠰ ᠤᠨ ᠰᠢᠯᠭᠠᠷᠠᠭᠤᠯᠤᠯᠲᠠ ᠬᠢᠨ᠎ᠡ᠃ ᠬᠠᠮᠤᠭ ᠡᠴᠦᠰ ᠤᠨ ᠦᠨᠡᠯᠡᠨ ᠰᠢᠯᠭᠠᠷᠠᠭᠤᠯᠤᠭᠰᠠᠨ ᠦᠷ᠎ᠡ ᠳ᠋ᠦᠩ ᠢ ᠳᠤᠭᠤᠶᠢᠯᠠᠩ ᠤᠨ ᠺᠣᠮᠢᠰ ᠲᠤ ᠮᠡᠳᠡᠭᠦᠯᠦᠨ ᠬᠢᠨᠠᠨ ᠲᠣᠭᠲᠠᠭᠠᠯᠭᠠᠵᠤ ᠪᠠᠲᠤᠯᠠᠭᠤᠯᠤᠭᠠᠳ ᠦᠷ᠎ᠡ ᠳ᠋ᠦᠩ ᠢ  ᠨᠢ ᠵᠠᠷᠯᠠᠨ ᠨᠡᠶᠢᠲᠡᠯᠡᠬᠦ ᠶᠢᠨ ᠬᠠᠮᠲᠤ ᠰᠤᠩᠭᠤᠭᠳᠠᠨ ᠰᠢᠯᠭᠠᠷᠠᠭᠰᠠᠨ ᠪᠦᠯᠬᠦᠮ ᠪᠤᠯᠤᠨ ᠬᠤᠪᠢ ᠬᠥᠮᠥᠨ ᠳᠤ ᠪᠢᠴᠢᠭ ᠤᠨ ᠬᠡᠯᠪᠡᠷᠢ ᠪᠠᠷ ᠪᠤᠶᠤ ᠤᠳᠠᠰᠤ ᠪᠠᠷ ᠮᠡᠳᠡᠭᠳᠡᠨ᠎ᠡ᠃    ᠰᠤᠩᠭᠤᠭᠳᠠᠨ ᠰᠢᠯᠭᠠᠷᠠᠭᠰᠠᠨ ᠵᠤᠬᠢᠶᠠᠨ ᠪᠦᠲᠦᠭᠡᠯ ᠤᠨ ᠬᠤᠪᠢ ᠬᠦᠮᠦᠨ ᠪᠤᠶᠤ ᠪᠦᠯᠬᠦᠮ ᠳᠤ 3000 ᠲᠥᠭᠦᠷᠢᠭ ᠤᠨ ᠱᠠᠩᠨᠠᠯ ᠤᠨ ᠮᠦᠩᠬᠦ ᠣᠯᠭᠤᠬᠤ ᠶᠢᠨ ᠬᠠᠮᠲᠤ ᠢᠷᠠᠭᠤ ᠠᠯᠳᠠᠷ ᠤᠨ ᠦᠨᠡᠮᠯᠡᠯ ᠣᠯᠭᠤᠨ᠎ᠠ᠃   ᠵᠢᠷᠭᠤᠭ᠎ᠠ᠂ ᠪᠤᠰᠤᠳ ᠵᠦᠢᠯ ᠤᠨ ᠲᠣᠳᠣᠷᠬᠠᠶᠢᠯᠠᠯᠲᠠ   ︵ᠨᠢᠭᠡ︶ ᠲᠣᠰ ᠤᠳᠠᠭᠠᠨ ᠤ ᠠᠵᠢᠯᠯᠠᠭ᠎ᠠ ᠳᠤ ᠨᠡᠷ᠎ᠡ ᠮᠡᠳᠡᠭᠦᠯᠬᠦ ᠰᠦᠢᠳᠬᠡᠯ ᠬᠤᠷᠢᠶᠠᠬᠤ ᠦᠭᠡᠢ᠂ ᠡᠬᠡ ᠪᠢᠴᠢᠭ ᠢᠶᠠᠨ ᠰᠢᠤᠳᠠᠨ ᠢᠶᠠᠷ ᠢᠯᠡᠭᠡᠬᠦ ᠰᠦᠢᠳᠬᠡᠯ ᠢᠶᠠᠨ ᠦᠪᠡᠷᠳᠡᠭᠡᠨ ᠬᠠᠷᠢᠭᠤᠴᠠᠨ᠎ᠠ᠃ ᠭᠤᠣᠯᠯᠠᠨ ᠡᠷᠭᠢᠯᠡᠭᠰᠡᠨ ᠨᠢᠭᠡᠴᠡ ᠨᠢ ᠢᠯᠡᠭᠡᠭᠰᠡᠨ ᠡᠬᠡ ᠪᠢᠴᠢᠭ ᠤᠨ ᠰᠢᠤᠳᠠᠨ ᠢᠶᠠᠷ ᠶᠠᠪᠤᠭᠤᠯᠬᠤ ᠶᠠᠪᠤᠴᠠ ᠳᠤ ᠡᠪᠳᠡᠷᠡᠵᠦ ᠰᠦᠢᠳᠦᠭᠰᠡᠨ ᠪᠠ ᠭᠡᠭᠡᠭᠳᠡᠭᠰᠡᠨ ᠵᠦᠢᠯ ᠳᠤ ᠬᠠᠷᠢᠭᠤᠴᠠᠯᠭ᠎ᠠ ᠡᠭᠦᠷᠭᠡᠯᠡᠬᠦ ᠦᠭᠡᠢ᠃   ︵ᠬᠤᠶᠠᠷ︶ ᠵᠤᠬᠢᠶᠠᠨ ᠪᠦᠳᠦᠭᠡᠯ ᠤᠨ ᠵᠤᠬᠢᠶᠠᠭᠴᠢ ᠨᠢ ᠡᠷᠬᠡᠪᠰᠢ ᠡᠯᠰᠡᠭᠳᠡᠭᠰᠡᠨ ᠵᠤᠬᠢᠶᠠᠨ ᠪᠦᠲᠦᠭᠡᠯ ᠤᠨ ᠬᠠᠤᠯᠢ ᠶᠣᠰᠣᠨ ᠤ ᠥᠮᠴᠢᠯᠡᠭᠴᠢ ᠪᠠᠶᠢᠵᠦ᠂ ᠵᠤᠬᠢᠶᠠᠨ ᠪᠦᠲᠦᠭᠡᠯ ᠤᠨ ᠡᠷᠬᠡ ᠲᠠᠢ᠂ ᠪᠤᠰᠤᠳ ᠤᠨ ᠵᠤᠬᠢᠶᠠᠨ ᠪᠦᠲᠦᠭᠡᠯ ᠤᠨ ᠡᠷᠬᠡ ᠳᠤ ᠬᠠᠯᠳᠠᠵᠤ ᠪᠣᠯᠬᠤ ᠦᠭᠡᠢ᠃ ᠬᠡᠷᠪᠡ ᠲᠤᠰᠢᠶᠠᠭᠰᠠᠨ ᠪᠦᠲᠦᠭᠡᠯ ᠨᠢ ᠪᠤᠰᠤᠳ ᠤᠨ ᠵᠤᠬᠢᠶᠠᠨ ᠪᠦᠲᠦᠭᠡᠯ ᠤᠨ ᠡᠷᠬᠡ ᠳᠤ ᠬᠠᠯᠳᠠᠭᠰᠠᠨ ᠪᠠᠶᠢᠪᠠᠯ᠂ ᠵᠤᠬᠢᠶᠠᠭᠴᠢ ᠨᠢ ᠵᠤᠬᠢᠬᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠡᠷᠬᠢᠯᠡᠭᠰᠡᠨ ᠨᠢᠭᠡᠴᠡ ᠨᠢ ᠡᠭᠦᠨ ᠳᠤ ᠶᠠᠮᠠᠷ ᠴᠤ ᠬᠠᠷᠢᠭᠤᠴᠠᠯᠭ᠎ᠠ ᠡᠭᠦᠷᠭᠡᠯᠡᠬᠦ ᠦᠭᠡᠢ᠃    ︵ᠭᠤᠷᠪᠠ︶ ᠲᠣᠰ ᠬᠤᠭᠤᠴᠠᠭᠠᠨ ᠤ ᠠᠷᠠᠳ ᠤᠨ ᠶᠡᠭᠡ ᠨᠠᠶᠢᠷ ᠤᠨ ᠰᠦᠯᠳᠡ ᠶᠢᠨ ᠪᠦᠳᠦᠭᠡᠯ ᠤᠨ ᠰᠢᠯᠭᠠᠷᠠᠭᠤᠯᠤᠯᠳᠠ ᠪᠠᠷ ᠴᠤᠯᠭᠤᠷᠠᠭᠰᠨ ᠪᠦᠲᠦᠭᠡᠯ ᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠳᠦᠷᠢᠮ ᠲᠣᠭᠲᠠᠭᠠᠯ ᠢᠶᠠᠷ ᠬᠠᠮᠠᠭᠠᠯᠠᠨ᠎ᠠ᠃ ᠵᠤᠬᠢᠶᠠᠨ ᠪᠦᠳᠦᠭᠡᠯ ᠳᠤ ᠨᠡᠷ᠎ᠡ ᠪᠠᠨ ᠬᠠᠳᠠᠬᠤ ᠡᠷᠬᠡ  ᠨᠢ ᠵᠣᠬᠢᠶᠠᠭᠴᠢ ᠳᠤ ᠥᠮᠴᠢᠯᠡᠭᠳᠡᠬᠦ ᠠᠴᠠ ᠭᠠᠳᠠᠨ᠎ᠠ᠂ ᠪᠤᠰᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠨᠢ ᠲᠤᠰ ᠬᠤᠭᠤᠴᠠᠭᠠᠨ ᠤ ᠨᠠᠶᠢᠷ ᠤᠨ ᠪᠡᠯᠡᠳᠬᠡᠯ ᠠᠵᠢᠯ ᠤᠨ ᠺᠣᠮᠢᠰ ᠲᠤ ᠥᠮᠴᠢᠯᠡᠭᠳᠡᠨ᠎ᠡ᠂ ᠵᠥᠪᠰᠢᠶᠡᠷᠡᠯ ᠦᠭᠡᠢ ᠪᠠᠷ ᠪᠤᠰᠤᠳ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ᠃   ︵ᠳᠥᠷᠪᠡ︶ ᠲᠣᠰ ᠬᠤᠭᠤᠴᠠᠭᠠᠨ ᠤ ᠠᠷᠠᠳ ᠤᠨ ᠶᠡᠭᠡ ᠨᠠᠶᠢᠷ ᠤᠨ ᠵᠣᠬᠢᠶᠠᠨ ᠪᠠᠶᠢᠭᠤᠯᠬᠤ ᠺᠣᠮᠢᠰ ᠨᠢ ᠲᠣᠰ ᠤᠳᠠᠭᠠᠨ ᠤ ᠡᠯᠰᠡᠬᠦ ᠠᠵᠢᠯᠯᠠᠭ᠎ᠠ ᠳᠤ ᠬᠠᠮᠤᠭ ᠤᠨ ᠡᠴᠦᠰ ᠤᠨ ᠲᠠᠶᠢᠯᠪᠤᠷᠢᠯᠠᠯᠲᠠ ᠬᠢᠬᠦ ᠡᠷᠬᠡ ᠲᠠᠢ᠃           ᠪᠠᠷᠠᠭᠤᠨ ᠦᠵᠦᠮᠦᠴᠢᠨ ᠬᠤᠰᠢᠭᠤᠨ  ᠤ ᠠᠷᠪᠠᠨ ᠳᠥᠷᠪᠡᠳᠦᠭᠡᠷ ᠬᠤᠭᠤᠴᠠᠭᠠᠨ ᠤ  ᠠᠷᠠᠳ ᠤᠨ ᠶᠡᠭᠡ ᠨᠠᠶᠢᠷ ᠤᠨ ᠵᠣᠬᠢᠶᠠᠨ ᠪᠠᠶᠢᠭᠤᠯᠬᠤ ᠺᠣᠮᠢᠰ                             2023 ᠣᠨ ᠤ 4 ᠰᠠᠷ᠎ᠠ ᠶᠢᠨ 19
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号