ᠲᠤᠰᠠᠷᠬᠠᠭ ᠰᠠᠳᠬᠢᠯᠬᠡ ᠲᠠᠢ ᠶᠠᠩ ᠱᠦ ᠹᠠᠩ
ᠨᠡᠶᠢᠲᠡᠯᠡᠭᠰᠡᠨ ᠴᠠᠭ᠄
2023/4/3
           ᠲᠤᠰᠠᠷᠬᠠᠭ ᠰᠠᠳᠬᠢᠯᠬᠡ ᠲᠠᠢ ᠶᠠᠩ ᠱᠦ ᠹᠠᠩ                                                         ᠰ᠊     ᠶᠠᠩ ᠱᠤ᠋ ᠹᠠᠩ ᠪᠣᠯ  ᠪᠠᠯᠭᠠᠷᠭᠤᠤᠯ ᠪᠠᠯᠭᠠᠰᠤᠨ ᠤ ᠪᠠᠯᠭᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢ ᠪᠣᠯᠣᠨ᠎ᠠ᠂ ᠲᠡᠷᠡ ᠪᠤᠰᠤᠳ ᠢ ᠬᠠᠪᠰᠤᠷᠬᠤ ᠳᠤᠷᠠᠲᠠᠢ᠂ ᠬᠥᠷᠰᠢ ᠵᠡᠷᠭᠡᠯᠡᠳᠡᠭᠡ ᠪᠠᠨ ᠬᠠᠯᠠᠮᠵᠢᠯᠠᠵᠤ᠂ ᠠᠴᠢ ᠬᠠᠷᠢᠭᠤᠯᠬᠤ ᠶᠢ ᠬᠦᠰᠡᠬᠦ ᠦᠭᠡᠢ᠂ ᠥᠪᠡᠷ ᠤᠨ ᠪᠣᠷᠣᠭᠵᠢᠭᠤᠨ ᠦᠢᠯᠡ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠥᠨ ᠪᠣᠯᠭᠠᠨ ᠢ ᠨᠥᠯᠥᠭᠡᠯᠡᠵᠦ᠂  ᠨᠠᠶᠢᠬᠡᠮ ᠵᠢᠷᠣᠮ ᠤᠨ ᠭᠤᠤᠯᠯᠠᠭᠴᠢ ᠦᠷᠳᠡᠭ ᠤᠨ ᠦᠵᠡᠯᠳᠠ ᠶᠢ ᠦᠢᠯᠠᠳᠣᠯᠬᠡᠵᠢᠬᠦᠯᠵᠦ ᠶᠠᠪᠤᠨ᠎ᠠ  ᠃
     ᠪᠠᠯᠭᠠᠷᠭᠤᠤᠯ ᠪᠠᠯᠭᠠᠰᠤᠨ ᠤ ᠪᠠᠯᠭᠠᠷ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠶᠠᠩ  ᠱᠣ᠋ ᠹᠠᠩ ᠡᠨᠡ ᠵᠢᠯ 63 ᠨᠠᠰᠤᠲᠠᠢ᠂   ᠦᠷᠦᠪᠴᠢ ᠵᠦᠬᠡᠯᠠᠨ ᠲᠤᠰᠠᠷᠬᠠᠭᠭ ᠰᠠᠶᠢᠬᠠᠨ ᠰᠠᠳᠬᠢᠯ   ᠢᠶᠠᠷ ᠢᠶᠠᠨ ᠠᠶᠢᠯ ᠰᠠᠬᠠᠭᠠᠯᠳᠠ   ᠳᠠᠭᠠᠨ ᠲᠤᠰᠠ ᠲᠠᠮᠵᠢᠯᠬᠡ ᠦᠵᠡᠬᠦᠯᠵᠦ ᠶᠠᠪᠤᠵᠦ ᠨᠢᠬᠡᠨ ᠡᠬᠡᠯ ᠵᠢᠷ ᠤᠨ ᠪᠦᠰᠠᠬᠦᠢ ᠶᠤᠮ᠃    70 ᠶᠢ ᠲᠠᠪᠠᠭ᠎ᠠ ᠶᠢ ᠲᠠᠪᠠᠭᠰᠠᠨ ᠨᠠᠰᠤᠲᠠᠢ ᠸᠠᠩ ᠢᠦᠢ ᠯᠠᠨ ᠪᠣᠯ ᠪᠠᠯᠭᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ  ᠂ ᠬᠦᠦ ᠨᠢ ᠭᠠᠳᠠᠨ᠎ᠠ ᠣᠷᠣᠨ ᠳᠤ ᠬᠥᠯᠥᠰᠦᠨ ᠠᠵᠢᠯ  ᠬᠢᠳᠡᠭ ᠠᠴᠠ  ᠨᠠᠰᠣᠳᠠᠨ ᠤᠯᠠᠨ ᠵᠢᠯ ᠤᠨ ᠲᠤᠷᠰᠢ ᠭᠠᠭᠴᠠᠭᠠᠷ ᠢᠶᠠᠨ ᠰᠠᠭᠤᠵᠤ᠂   ᠡᠳᠦᠷ ᠲᠤᠳᠣᠮ   ᠤᠨ ᠤᠬᠢᠶᠠᠵᠦ ᠴᠡᠪᠠᠷᠯᠠᠬᠦ ᠠᠴᠠ ᠡᠬᠢᠯᠡᠬᠡᠳ ᠢᠳᠠᠬᠦ ᠤᠤᠭᠤᠬᠤ ᠳᠤ ᠨᠢ ᠭᠦᠷᠳᠠᠯ᠎ᠠ ᠶᠠᠩ  ᠱᠣ᠋ ᠹᠠᠩ ᠲᠤᠰᠠ  ᠲᠠᠮ ᠦᠵᠡᠬᠦᠯᠦᠨ᠂ ᠨᠠᠰᠤᠲᠠᠨ ᠤ ᠥᠲᠡᠯᠦᠭᠡ  ᠨᠠᠰᠣ ᠪᠠᠨ ᠵᠣᠯ  ᠵᠢᠷᠭᠠᠯᠳᠠᠢ ᠦᠩᠬᠡᠷᠡᠬᠦᠯᠬᠦ ᠳᠤ ᠨᠢ ᠲᠦᠰᠢᠭ  ᠪᠤᠯᠤᠨ᠎ᠠ᠃
        ᠰᠣᠷᠪᠤᠯᠵᠢᠯᠠᠭ᠎ᠠ᠄ ︽ᠪᠠᠯᠭᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠢᠦᠢ ᠯᠠᠨ᠄ ᠶᠠᠩ ᠱᠣ᠋ ᠹᠠᠩ ᠪᠣᠯ ᠮᠠᠰᠢ ᠰᠠᠶᠢᠨ ᠬᠥᠮᠥᠨ᠂  ᠮᠢᠨᠤ ᠡᠳᠦᠷ ᠲᠤᠳᠣᠮ ᠤᠨ ᠠᠮᠢᠳᠣᠷᠠᠯ ᠳᠤ ᠮᠠᠰᠢ ᠶᠡᠭᠡ ᠲᠤᠰᠠ ᠲᠠᠮᠵᠢᠯᠬᠡ ᠦᠵᠡᠬᠦᠯᠳᠡᠭ᠂ ᠪᠢ ᠮᠠᠰᠢ ᠶᠡᠭᠡ ᠲᠠᠯᠠᠷᠬᠠᠵᠦ ᠶᠠᠪᠤᠳᠠᠭ᠃ ᠨᠢᠳᠤᠨᠤᠨ ᠪᠢᠳᠡ ᠪᠦᠷ ᠤᠰᠤ ᠦᠭᠡᠢ ᠪᠤᠯᠤᠭᠰᠠᠨ ᠪᠤᠯ ᠲᠡᠷᠡ ᠤᠰᠤᠨ ᠠᠰᠢᠭᠯᠠᠯᠲᠠ   ᠶᠢᠨ ᠲᠣᠪᠴᠢᠶ᠎ᠠ ᠲᠠᠢ ᠢᠳᠠᠪᠬᠢᠳᠠᠢ ᠬᠠᠷᠢᠯᠴᠠᠵᠦ  ᠂ ᠠᠰᠠᠭᠤᠳᠠᠯ ᠢ   ᠰᠠᠢᠳᠪᠤᠷᠢᠯᠠᠵᠡᠢ  ᠃ ᠶᠠᠩ ᠱᠤ᠋ ᠹᠠᠩ ᠪᠠᠶᠢᠬᠤ ᠦᠭᠡᠢ ᠪᠤᠯ ᠮᠠᠨ ᠤ ᠡᠳᠡᠭᠡᠷ ᠨᠠᠰᠤᠲᠠᠶᠢᠴᠤᠳ ᠶᠠᠭᠠᠬᠢᠵᠤ ᠰᠢᠢᠳᠪᠦᠷᠢᠯᠡᠬᠦ ᠪᠠᠨ ᠮᠡᠳᠡᠬᠦ ᠦᠭᠡᠢ  ᠶᠡᠭᠡ  ᠵᠤᠪᠠᠵᠦ ᠪᠠᠶᠢᠵᠡᠢ  ᠃  ᠶᠠᠩ ᠱᠣ᠋ ᠹᠠᠩ ᠲᠤᠩ  ᠲᠤᠰᠠᠷᠬᠠᠭ ᠬᠦᠮᠦᠨ᠂ ᠬᠡᠨ ᠤ ᠳᠤ ᠤᠴᠢᠷ ᠲᠠᠢ ᠪᠤᠯ ᠲᠠᠷᠠ  ᠭᠦᠷᠴᠦ ᠲᠤᠰᠠᠯᠠᠳᠠᠭ︾ ᠭᠡᠯ᠎ᠡ᠃    ᠲᠡᠭᠦᠨ ᠤ ᠲᠤᠰᠠᠷᠬᠠᠭ ᠦᠢᠯᠡ ᠠᠵᠢᠯᠯᠠᠭ᠎ᠠ ᠨᠢ  ᠭᠡᠷ ᠤᠨ ᠬᠥᠮᠥᠰ ᠤᠨ ᠢᠶᠠᠨ ᠳᠡᠮᠵᠢᠯᠭᠡ ᠶᠢ ᠣᠯᠵᠤ᠂ ᠭᠡᠷ ᠤᠨ ᠬᠥᠮᠥᠰ  ᠨᠢ ᠴᠦ ᠲᠡᠭᠦᠨ ᠤ ᠰᠠᠶᠢᠨ ᠳᠤᠷ᠎ᠠ ᠶᠢᠨ ᠠᠵᠢᠯ ᠳᠤ ᠢᠳᠡᠪᠬᠢᠲᠡᠢ  ᠤᠷᠤᠯᠴᠠᠵᠦ  ᠂ ᠡᠶ᠎ᠡ ᠨᠠᠶᠢᠷᠲᠠᠢ ᠵᠣᠯ ᠵᠢᠷᠭᠠᠯᠲᠤ ᠭᠡᠷ ᠪᠦᠯᠢ ᠶᠢᠨ ᠠᠭᠤᠷ ᠠᠮᠢᠰᠬᠤᠯ ᠨᠢ ᠲᠡᠭᠦᠨ ᠤ ᠢᠳᠡᠪᠬᠢᠲᠡᠢ ᠪᠠᠶᠠᠰᠤᠩᠭᠤᠢ ᠠᠵᠢᠯ ᠤᠨ ᠣᠪᠣᠷ ᠲᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
  ᠰᠣᠷᠪᠤᠯᠵᠢᠯᠠᠭ᠎ᠠ᠄  ︽ᠶᠠᠩ ᠱᠤ᠋ ᠹᠠᠩ ᠤᠨ ᠬᠡᠷ ᠤᠨ ᠬᠦᠮᠦᠨ᠄ ᠲᠡᠷᠡ ᠶᠡᠷᠦ ᠠᠴᠠ ᠪᠠᠨ ᠡᠶᠢᠮᠦ ᠪᠠᠶᠢᠳᠠᠭ᠂ ᠪᠤᠰᠤᠳ ᠢ ᠬᠠᠪᠰᠤᠷᠬᠤ ᠳᠤᠷ᠎ᠠ ᠲᠠᠢ᠂ ᠵᠢᠯ ᠲᠤᠷᠰᠢ ᠨᠡᠶᠢᠭᠡᠮ ᠲᠣᠭᠤᠷᠢᠭ ᠲᠤ ᠰᠠᠶᠢᠨ ᠳᠤᠷ᠎ᠠ ᠶᠢᠨ ᠦᠢᠯᠡᠴᠢᠯᠡᠭᠡ ᠬᠢᠳᠡᠭ᠂ ᠮᠠᠨ ᠤ ᠪᠦᠬᠦ ᠭᠡᠷ ᠢᠶᠠᠷ ᠢᠶᠠᠨ ᠲᠡᠭᠦᠨ ᠤ ᠰᠠᠶᠢᠨ ᠳᠤᠷ᠎ᠠ ᠶᠢᠨ ᠠᠵᠢᠯ ᠢ ᠣᠶᠢᠯᠠᠭᠠᠨ  ᠲᠡᠮᠵᠢᠳᠡᠭ᠃ ᠲᠡᠭᠦᠨ ᠤ ᠰᠠᠶᠢᠨ ᠳᠤᠷ᠎ᠠ  ᠶᠢᠨ  ᠠᠵᠢᠯ ᠨᠢ ᠮᠠᠨ ᠤ ᠨᠢᠭᠡ ᠭᠡᠷ ᠤᠨ ᠬᠥᠮᠥᠰ ᠢ ᠬᠤᠪᠢᠷᠠᠭᠤᠯᠵᠤ᠂ ᠪᠢᠳᠡᠨ ᠢ ᠨᠡᠩ ᠬᠠᠯᠠᠭᠤᠨ ᠰᠡᠳᠬᠢᠯ ᠲᠠᠢ ᠪᠣᠯᠭᠠᠵᠠᠢ᠂ ᠤᠳᠤ ᠮᠠᠨ ᠤ ᠪᠦᠬᠦ ᠭᠡᠷ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡ ᠬᠢᠵᠦ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ  ᠡᠷᠭᠦᠶ᠎ᠠ ᠬᠡᠵᠦ ᠪᠤᠳᠣᠵᠦ  ᠪᠠᠶᠢᠨ᠎ᠠ︾ ᠭᠡᠯ᠎ᠡ᠃    ᠶᠠᠩ  ᠱᠤ᠋ ᠹᠠᠩ ᠰᠠᠭᠤᠭᠠᠯᠢ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠲᠣᠭᠤᠷᠢᠭ ᠢ ᠬᠠᠪᠰᠤᠷᠤᠨ ᠡᠯ᠎ᠡ ᠲᠦᠷᠦᠯ ᠤᠨ ᠵᠥᠷᠢᠴᠡᠯ ᠢ ᠡᠶᠡᠳᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠢ ᠤᠯᠠᠮᠵᠢᠯᠠᠵᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠰᠠᠨᠠᠭᠠᠴᠢᠯᠠᠭᠴᠢ ᠪᠠ ᠦᠢᠯᠡᠳᠦᠯᠭᠡᠵᠢᠭᠦᠯᠦᠭᠴᠢ ᠪᠣᠯᠤᠭᠰᠠᠨ ᠪᠠᠶᠢᠨ᠎ᠠ᠃   ᠲᠠᠷᠠ ᠡᠪ ᠨᠠᠶᠢᠷᠲᠠᠢ ᠨᠥᠬᠦᠷᠰᠡᠭ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ  ᠪᠠᠳᠠᠷᠠᠭᠤᠯᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠡᠶ᠎ᠡ ᠵᠤᠬᠢᠴᠠᠩᠭᠤᠢ ᠨᠠᠶᠢᠬᠡᠮ ᠲᠤᠭᠤᠷᠢᠭ ᠢ ᠡᠬᠦᠳᠣᠨ ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠭᠰᠡᠨ ᠶᠤᠮ᠃  ᠰᠣᠷᠪᠤᠯᠵᠢᠯᠠᠭ᠎ᠠ᠄  ︽ᠶᠠᠩ ᠱᠤ᠋ ᠹᠠᠩ᠄  ᠪᠢ ᠪᠤᠰᠣᠳ ᠢ ᠬᠠᠪᠰᠣᠷᠠᠬᠤ ᠲᠤᠷᠠᠳᠠᠢ᠂ ᠦᠪᠡᠷ ᠤᠨ ᠪᠤᠳᠠᠳᠠᠢ ᠦᠢᠯᠠ ᠠᠵᠢᠯᠯᠠᠭ᠎ᠠ ᠪᠠᠷ ᠢᠶᠠᠨ ᠭᠦᠴᠢᠷᠳᠠᠢ ᠬᠦᠮᠦᠰ ᠲᠤ ᠲᠤᠰᠠ ᠲᠠᠮᠵᠢᠯᠬᠡ ᠦᠵᠡᠬᠦᠯᠤᠶ᠎ᠠ ᠬᠡᠵᠦ ᠪᠤᠳᠣᠳᠠᠭ᠃ᠡᠩ ᠤᠨ ᠦᠶ᠎ᠡ ᠳᠤ  ᠨᠠᠰᠣᠳᠠᠢ ᠬᠦᠮᠦᠰ ᠪᠤᠶᠤ ᠶᠠᠮᠠᠷ ᠨᠢᠭᠡᠨ ᠬᠦᠴᠢᠷ ᠪᠡᠷᠬᠡᠰᠢᠶᠡᠯ ᠲᠠᠢ ᠬᠥᠮᠥᠨ ᠢ ᠣᠯᠵᠤ ᠦᠵᠡᠪᠡᠯ ᠪᠢ ᠲᠡᠳᠡᠨ ᠢ ᠬᠠᠪᠰᠤᠷᠬᠤ ᠪᠠᠷ ᠴᠢᠷᠮᠠᠶᠢᠳᠠᠭ  ᠃ᠬᠤᠶᠢᠰᠢᠳᠠ ᠪᠢ ᠰᠠᠭᠤᠭᠠᠯᠢ ᠠᠷᠠᠳ ᠤᠨ ᠡᠯ᠎ᠡ ᠵᠦᠢᠯ ᠤᠨ ᠵᠥᠷᠢᠴᠡᠯ ᠪᠠ ᠵᠢᠭᠤᠷᠠᠯᠳᠤᠭᠠᠨ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠤᠯᠠᠮ ᠰᠠᠶᠢᠵᠢᠷᠠᠭᠤᠯᠤᠨ᠂  ᠨᠠᠩ ᠤᠯᠠᠨ ᠬᠦᠮᠦᠨ ᠲᠤᠰᠠ ᠲᠠᠮᠵᠢᠯᠬᠡ ᠦᠵᠡᠬᠦᠯᠤᠶ᠎ᠠ ᠬᠡᠵᠦ ᠪᠤᠳᠣᠵᠦ  ᠪᠠᠶᠢᠨ᠎ᠠ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号