ᠬᠤᠲᠠ ᠴᠡᠪᠡᠷ ᠪᠤᠯᠬᠤᠷ ᠪᠢ ᠴᠦ ᠪᠠᠶᠠᠷᠯᠠᠴᠢᠬᠠᠳᠠᠭ
ᠨᠡᠶᠢᠲᠡᠯᠡᠭᠰᠡᠨ ᠴᠠᠭ᠄
2023/5/11
           ᠬᠤᠲᠠ ᠴᠡᠪᠡᠷ ᠪᠤᠯᠬᠤᠷ ᠪᠢ ᠴᠦ ᠪᠠᠶᠠᠷᠯᠠᠴᠢᠬᠠᠳᠠᠭ    ᠥᠪᠡᠷᠲᠡᠭᠡᠨ ᠵᠠᠰᠠᠬᠤ ᠣᠷᠣᠨ ᠤ ︽5 · 1︾ ᠤ ᠬᠥᠳᠡᠯᠮᠦᠷᠢᠴᠢᠨ ᠤ ᠱᠠᠩᠨᠠᠯ ᠤᠨ ᠲᠡᠮᠳᠡᠭ᠂ ︽ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠬᠠᠮᠤᠭ ᠭᠤᠶᠣ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ︾ ᠵᠡᠷᠭᠡ ᠢᠷᠠᠭᠤ ᠠᠯᠳᠠᠷ ᠢ ᠬᠦᠷᠲᠡᠵᠦ ᠶᠠᠪᠤᠭᠰᠠᠨ ᠪᠠᠷᠠᠭᠤᠨ ᠦᠵᠦᠮᠦᠴᠢᠨ ᠬᠤᠰᠢᠭᠤᠨ ᠤ ᠺᠧ ᠯᠢ ᠲᠧ ᠣᠷᠴᠢᠨ ᠲᠣᠭᠤᠷᠢᠨ  ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠬᠠᠰ᠂ 12 ᠵᠢᠯ ᠤᠨ ᠲᠤᠷᠰᠢ ᠴᠡᠪᠡᠷᠯᠡᠭᠰᠡᠨ ᠵᠠᠮ ᠤᠨ ᠬᠢᠨᠢ ᠶᠡᠷᠦᠩᠬᠡᠢ ᠤᠷᠲᠤ ᠨᠢ 2.35 ᠲᠦᠮᠡᠨ ᠺᠢᠯᠣᠮᠧᠲᠷ ᠲᠤ ᠬᠦᠷᠴᠦ᠂ 400 ᠭᠠᠷᠤᠢ ᠱᠦᠭᠦᠷ ᠡᠯᠡᠭᠡᠨ᠂ 300 ᠭᠠᠷᠤᠢ ᠪᠠᠶᠠᠷ ᠳᠤᠷᠠᠰᠬᠠᠯ ᠤᠨ ᠡᠳᠦᠷ  ᠢ ᠠᠷᠢᠭᠤᠨ ᠴᠡᠪᠡᠷ ᠢ ᠬᠠᠮᠠᠭᠠᠯᠠᠬᠤ ᠠᠵᠢᠯ ᠤᠨ ᠪᠠᠶᠢᠷᠢᠨ ᠳᠠᠭᠠᠨ ᠥᠩᠭᠡᠷᠡᠭᠦᠯᠵᠦ᠂ ᠠᠷᠢᠭᠤᠨ ᠴᠡᠪᠡᠷ ᠤᠨ ᠠᠵᠢᠯ ᠳᠤ ᠬᠦᠴᠦ ᠬᠥᠳᠡᠯᠮᠦᠷᠢ᠂ ᠵᠢᠳᠬᠦᠯ ᠴᠢᠷᠮᠠᠶᠢᠯᠭ᠎ᠠ ᠪᠠᠨ ᠵᠣᠷᠢᠭᠤᠯᠤᠭᠰᠠᠭᠠᠷ ᠢᠷᠡᠵᠡᠢ᠃
    ᠬᠠᠰ 2010 ᠣᠨ ᠠᠴᠠ ᠡᠬᠢᠯᠡᠨ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠳᠤ ᠣᠷᠣᠯᠴᠠᠵᠤ᠂ ᠰᠠᠭᠠᠯᠢ ᠶᠢᠨ ᠦᠨᠢᠶᠡᠨ ᠤ ᠲᠠᠯᠠᠪᠠᠢ ᠶᠢᠨ ᠠᠷᠤ ᠳᠠᠬᠢ ᠵᠠᠮ ᠤᠨ ᠬᠡᠰᠡᠭ ᠤᠨ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠬᠠᠷᠢᠭᠤᠴᠠᠵᠠᠢ᠃ ᠬᠠᠯᠠᠭᠤᠨ ᠬᠦᠢᠲᠡᠨ᠂ ᠰᠠᠯᠬᠢ ᠰᠢᠭᠤᠷᠭ᠎ᠠ᠂ ᠪᠣᠷᠣᠭᠠᠨ ᠴᠠᠰᠤ ᠠᠯᠢ ᠶᠢ ᠨᠢ ᠴᠤ ᠬᠠᠶᠢᠬᠤᠷᠤᠯ ᠦᠭᠡᠢ ᠠᠷᠢᠭᠤᠨ ᠴᠡᠪᠡᠷ ᠢ ᠬᠠᠮᠠᠭᠠᠯᠠᠬᠤ  ᠡᠮᠦᠨ᠎ᠡ ᠹᠷᠦᠨᠲ  ᠲᠤ ᠬᠠᠲᠠᠭᠤᠵᠢᠯᠲᠠᠢ ᠲᠡᠮᠡᠴᠡᠵᠦ᠂ ᠪᠣᠯᠪᠠᠰᠤᠨ ᠬᠤᠲᠠ ᠶᠢ ᠪᠠᠶᠢᠭᠤᠯᠬᠤ ᠠᠵᠢᠯ ᠳᠤ ᠰᠠᠨᠠᠭᠠᠴᠢᠯᠭ᠎ᠠ ᠠᠴᠠ ᠪᠠᠨ ᠢᠳᠡᠪᠬᠢᠲᠡᠢ ᠣᠷᠣᠯᠴᠠᠭᠰᠠᠨ ᠶᠤᠮ᠃ ᠲᠡᠷᠡ ᠡᠭᠡᠯ ᠵᠢᠷ ᠤᠨ ᠠᠵᠢᠯ ᠤᠨ ᠪᠠᠶᠢᠷᠢᠨ ᠳᠠᠭᠠᠨ ᠡᠷᠬᠢᠮ ᠵᠢᠳᠬᠦᠯ ᠭᠠᠷᠭᠠᠵᠤ᠂ ︽ᠥᠪᠡᠷ ᠢᠶᠠᠨ ᠶᠠᠳᠠᠷᠠᠭᠰᠠᠨ ᠴᠤ ᠪᠣᠰᠣᠳ ᠲᠤ ᠠᠷᠢᠭᠤᠨ ᠴᠡᠪᠡᠷ ᠢ ᠬᠦᠷᠭᠡᠬᠦ︾ ᠣᠷᠴᠢᠨ ᠲᠣᠭᠤᠷᠢᠨ ᠤ ᠴᠡᠪᠡᠷᠯᠡᠭᠴᠢ ᠶᠢᠨ ᠠᠵᠢᠯ ᠤᠨ ᠵᠣᠷᠢᠭ ᠰᠠᠨᠠᠭ᠎ᠠ ᠶᠢ ᠪᠠᠲᠤ ᠰᠠᠬᠢᠵᠤ᠂ ᠪᠠᠷᠠᠭᠤᠨ ᠦᠵᠦᠮᠦᠴᠢᠨ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠲᠤ ᠬᠤᠪᠢ ᠨᠡᠮᠡᠷᠢ ᠪᠠᠨ ᠦᠵᠡᠭᠦᠯᠦᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠳ ᠤᠨ ᠳᠤᠮᠳᠠ  ᠪᠠᠨ ᠦᠯᠢᠭᠡᠷ ᠳᠠᠭᠤᠷᠢᠶᠠᠯ ᠨᠢ ᠪᠣᠯᠵᠤ ᠶᠠᠪᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号