ᠡᠷᠡᠭᠦᠯ ᠡᠩᠬᠡ ᠶᠢᠨ ᠡᠯᠴᠢ | | ᠡᠮᠴᠢ ᠬᠦᠮᠦᠨ ᠤ ᠳᠠᠷᠬᠠᠨ ᠡᠭᠦᠷᠭᠡ ᠶᠢ ᠡᠭᠦᠷᠭᠡᠯᠡᠵᠦ᠂ ᠡᠨᠡᠷᠢᠩᠭᠦᠢ ᠰᠡᠳᠬᠢᠯ ᠡᠮᠴᠢᠯᠡᠭᠡᠨ ᠤ ᠮᠡᠷᠭᠡᠵᠢᠯ ᠢᠶᠠᠷ ᠢᠶᠠᠨ | ᠡᠪᠡᠳᠴᠢᠨ ᠡᠮᠭᠡᠭ ᠠᠴᠠ ᠪᠠᠨ ᠰᠠᠯᠬᠤ ᠶᠢ ᠵᠣᠷᠢᠵᠤ ᠢᠷᠡᠭᠰᠡᠨ ᠡᠪᠡᠳᠴᠢᠲᠡᠨ ᠨᠢᠭᠡᠪᠦᠷᠢ ᠶᠢᠨ ᠢᠶᠠᠨ ᠬᠦᠰᠡᠯ ᠡᠷᠡᠮᠡᠯᠵᠡᠯ ᠢ | ᠬᠦᠰᠡᠷᠳᠡᠭᠦᠯᠦᠯ ᠦᠭᠡᠢ ᠰᠢᠷᠭᠠᠭᠤ ᠵᠢᠳᠬᠦᠵᠦ ᠶᠠᠪᠤᠭ᠎ᠠ ᠡᠨᠡ ᠬᠦᠮᠦᠨ ᠢ ᠳᠠᠶᠢᠴᠢᠨ ᠭᠡᠳᠡᠭ᠃ ᠲᠡᠷᠡ ᠤᠷᠢᠳ ᠬᠤᠵᠢᠳ | ᠥᠪᠡᠷᠲᠡᠭᠡᠨ ᠵᠠᠰᠠᠬᠤ ᠣᠷᠣᠨ ᠤ ᠳᠡᠰ ᠤᠨ ︽ᠠᠷᠠᠳ ᠤᠨ ᠰᠠᠶᠢᠨ ᠡᠮᠴᠢ︾᠂ ᠥᠪᠡᠷᠲᠡᠭᠡᠨ ᠵᠠᠰᠠᠬᠤ ᠣᠷᠣᠨ ᠤ ︽ | ᠬᠤᠶᠠᠳᠤᠭᠠᠷ ᠪᠦᠯᠦᠭ ᠤᠨ ᠦᠨᠳᠦᠰᠦᠨ ᠱᠠᠲᠤᠨ ᠤ ᠨᠡᠷᠡᠲᠦ ᠮᠣᠩᠭᠤᠯ ᠡᠮᠴᠢ︾᠂ ᠪᠠᠷᠠᠭᠤᠨ ᠦᠵᠦᠮᠦᠴᠢᠨ ᠬᠤᠰᠢᠭᠤᠨ ᠤ | ︽ᠮᠣᠩᠭᠤᠯ ᠡᠮᠨᠡᠯᠭᠡ ᠶᠢᠨ ᠤᠯᠠᠮᠵᠢᠯᠠᠯᠲᠤ ᠡᠮ ᠤᠤᠭᠤᠬᠤ ᠠᠷᠭ᠎ᠠ︾ ᠶᠢᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠵᠡᠷᠭᠡ | ᠢᠷᠠᠭᠤ ᠠᠯᠳᠠᠷ ᠢ ᠬᠦᠷᠲᠡᠭᠰᠡᠨ ᠶᠤᠮ᠃ | ᠮᠣᠩᠭᠤᠯ ᠡᠮᠨᠡᠯᠭᠡ ᠶᠢᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠣᠯ ᠡᠮᠨᠡᠯᠭᠡ ᠶᠢᠨ ᠬᠤᠷᠢᠶᠠᠨ ᠤ ᠴᠢᠬᠤᠯᠠ ᠰᠠᠯᠠᠭ᠎ᠠ | ᠪᠣᠯᠣᠨ᠎ᠠ᠂ ᠳᠠᠶᠢᠴᠢᠨ 10 ᠭᠠᠷᠤᠢ ᠵᠦᠢᠯ ᠤᠨ ᠰᠢᠨ᠎ᠡ ᠮᠡᠷᠭᠡᠵᠢᠯ ᠰᠢᠨ᠎ᠡ ᠡᠮᠴᠢᠯᠡᠭᠡᠨ ᠤ ᠵᠦᠢᠯ ᠢ ᠲᠦᠷᠦᠭᠦᠯᠡᠨ | ᠥᠷᠨᠢᠭᠦᠯᠵᠦ᠂ ᠡᠮᠨᠡᠯᠭᠡ ᠶᠢᠨ ᠬᠤᠯᠪᠣᠭᠠᠯᠠᠯ ᠤᠨ ᠬᠠᠮᠵᠢᠯᠴᠠᠭᠠᠨ ᠤ ᠳᠠᠪᠠᠭᠤᠯᠢᠭ ᠲᠤ ᠲᠦᠰᠢᠭᠯᠡᠨ᠂ ᠮᠠᠨ ᠤ ᠠᠶᠢᠮᠠᠭ ᠤᠨ | ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠳᠤ ︽ᠡᠪᠦᠳᠦᠭ ᠤᠨ ᠦᠶ᠎ᠡ ᠭᠡᠰᠢᠭᠦᠦ ᠶᠢ ᠰᠣᠯᠢᠬᠤ ᠮᠡᠷᠭᠡᠵᠢᠯ︾ | ᠢ ᠲᠡᠷᠢᠭᠦᠯᠡᠨ ᠥᠷᠨᠢᠭᠦᠯᠦᠭᠰᠡᠨ ᠶᠤᠮ᠃ ᠡᠮᠴᠢᠯᠡᠭᠡᠨ ᠤ ᠠᠵᠢᠯ ᠤᠨ ᠪᠠᠶᠢᠷᠢ ᠳᠤ 30 ᠵᠢᠯ ᠵᠢᠳᠬᠦᠵᠦ ᠶᠠᠪᠤᠬᠤ ᠳᠠᠭᠠᠨ | ᠪᠣᠰᠣᠳ ᠠᠴᠠ ᠢᠯᠡᠭᠦᠦ ᠬᠦᠴᠦ ᠬᠥᠯᠥᠰᠦ ᠤᠷᠤᠰᠬᠠᠨ᠂ ᠭᠠᠵᠠᠷ ᠣᠷᠣᠨ ᠳᠤ ᠪᠠᠶᠢᠩᠭᠤ ᠲᠣᠬᠢᠶᠠᠯᠳᠤᠳᠠᠭ ᠡᠪᠡᠳᠴᠢᠨ᠂ | ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠴᠢᠯᠡᠭᠦ ᠳᠤ ᠵᠣᠷᠢᠭᠤᠯᠤᠨ᠂ ᠤᠯᠠᠮᠵᠢᠯᠠᠯᠲᠤ ᠮᠣᠩᠭᠤᠯ ᠡᠮᠨᠡᠯᠭᠡ ᠶᠢᠨ ᠠᠷᠭ᠎ᠠ | ᠪᠣᠯᠣᠨ ᠮᠣᠩᠭᠤᠯ ᠡᠸᠦ᠋ᠷᠦᠫᠡ ᠡᠮᠨᠡᠯᠭᠡ ᠶᠢ ᠤᠶᠠᠯᠳᠤᠭᠤᠯᠬᠤ ᠠᠷᠭ᠎ᠠ ᠪᠠᠷ ᠵᠡᠭᠦᠦ ᠲᠥᠭᠡᠨᠡᠯᠭᠡ᠂ ᠰᠣᠷᠣᠭᠤᠯ ᠲᠠᠯᠪᠢᠬᠤ᠂ | ᠬᠠᠨᠠᠬᠤ᠂ ᠭᠠᠯ ᠵᠠᠰᠠᠯ᠂ ᠢᠯᠢᠵᠦ ᠨᠤᠬᠤᠯᠠᠬᠤ ᠵᠡᠷᠭᠡ ᠠᠷᠭ᠎ᠠ ᠪᠠᠷ ᠰᠠ᠂ ᠬᠦᠵᠦᠭᠦᠨ ᠶᠠᠰᠤᠨ ᠤ ᠡᠪᠡᠳᠴᠢᠨ᠂ ᠬᠠᠷᠴᠠᠭ᠎ᠠ | ᠭᠦᠳᠦᠶᠢᠬᠦ ᠡᠪᠡᠳᠴᠢᠨ ᠵᠡᠷᠭᠡ ᠶᠢ ᠡᠮᠴᠢᠯᠡᠨ ᠵᠠᠰᠠᠵᠤ ᠢᠯᠡᠷᠬᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠂ ᠪᠠᠰᠠ ᠬᠠᠷ᠎ᠠ | ᠪᠦᠭᠡᠷᠡᠨ ᠳᠤ ᠤᠰᠤ ᠬᠤᠷᠠᠬᠤ᠂ ᠬᠠᠷ᠎ᠠ ᠪᠥᠭᠡᠷ᠎ᠡ ᠶᠢᠨ ᠬᠠᠪᠤᠳᠠᠷ᠂ ᠬᠠᠷ᠎ᠠ ᠪᠥᠭᠡᠷ᠎ᠡ ᠴᠢᠯᠠᠭᠤᠵᠢᠬᠤ᠂ ᠡᠮᠡᠭᠲᠡᠶᠢᠴᠦᠳ ᠤᠨ | ᠡᠪᠡᠳᠴᠢᠨ ᠪᠣᠯᠣᠨ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠢ ᠮᠣᠩᠭᠤᠯ ᠡᠮ ᠢᠶᠠᠷ ᠡᠮᠨᠡᠨ ᠵᠠᠰᠠᠬᠤ ᠳᠠᠭᠠᠨ | ᠴᠢᠳᠠᠮᠠᠭᠠᠢ ᠪᠠᠶᠢᠵᠤ᠂ ᠡᠳᠡᠭᠡᠷᠡᠭᠦᠯᠦᠭᠰᠡᠨ ᠨᠣᠷᠮ᠎ᠠ ᠨᠢ 95% ᠳᠤ ᠬᠦᠷᠪᠡ᠃ |