ᠡᠷᠡᠭᠦᠯ ᠡᠩᠬᠡ ᠶᠢᠨ ᠡᠯᠴᠢ
ᠨᠡᠶᠢᠲᠡᠯᠡᠭᠰᠡᠨ ᠴᠠᠭ᠄
2023/5/12
                     ᠡᠷᠡᠭᠦᠯ ᠡᠩᠬᠡ ᠶᠢᠨ ᠡᠯᠴᠢ     ᠡᠮᠴᠢ ᠬᠦᠮᠦᠨ ᠤ ᠳᠠᠷᠬᠠᠨ ᠡᠭᠦᠷᠭᠡ ᠶᠢ ᠡᠭᠦᠷᠭᠡᠯᠡᠵᠦ᠂ ᠡᠨᠡᠷᠢᠩᠭᠦᠢ ᠰᠡᠳᠬᠢᠯ ᠡᠮᠴᠢᠯᠡᠭᠡᠨ ᠤ ᠮᠡᠷᠭᠡᠵᠢᠯ ᠢᠶᠠᠷ ᠢᠶᠠᠨ  ᠡᠪᠡᠳᠴᠢᠨ ᠡᠮᠭᠡᠭ ᠠᠴᠠ ᠪᠠᠨ ᠰᠠᠯᠬᠤ ᠶᠢ ᠵᠣᠷᠢᠵᠤ ᠢᠷᠡᠭᠰᠡᠨ ᠡᠪᠡᠳᠴᠢᠲᠡᠨ ᠨᠢᠭᠡᠪᠦᠷᠢ ᠶᠢᠨ ᠢᠶᠠᠨ ᠬᠦᠰᠡᠯ ᠡᠷᠡᠮᠡᠯᠵᠡᠯ ᠢ ᠬᠦᠰᠡᠷᠳᠡᠭᠦᠯᠦᠯ ᠦᠭᠡᠢ ᠰᠢᠷᠭᠠᠭᠤ ᠵᠢᠳᠬᠦᠵᠦ ᠶᠠᠪᠤᠭ᠎ᠠ ᠡᠨᠡ ᠬᠦᠮᠦᠨ ᠢ ᠳᠠᠶᠢᠴᠢᠨ ᠭᠡᠳᠡᠭ᠃ ᠲᠡᠷᠡ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ  ᠳᠡᠰ ᠤᠨ ︽ᠠᠷᠠᠳ ᠤᠨ ᠰᠠᠶᠢᠨ ᠡᠮᠴᠢ︾᠂ ᠥᠪᠡᠷᠲᠡᠭᠡᠨ ᠵᠠᠰᠠᠬᠤ ᠣᠷᠣᠨ ᠤ ︽ᠬᠤᠶᠠᠳᠤᠭᠠᠷ ᠪᠦᠯᠦᠭ ᠤᠨ ᠦᠨᠳᠦᠰᠦᠨ ᠱᠠᠲᠤᠨ ᠤ ᠨᠡᠷᠡᠲᠦ ᠮᠣᠩᠭᠤᠯ ᠡᠮᠴᠢ︾᠂ ᠪᠠᠷᠠᠭᠤᠨ ᠦᠵᠦᠮᠦᠴᠢᠨ ᠬᠤᠰᠢᠭᠤᠨ ᠤ ︽ᠮᠣᠩᠭᠤᠯ ᠡᠮᠨᠡᠯᠭᠡ ᠶᠢᠨ ᠤᠯᠠᠮᠵᠢᠯᠠᠯᠲᠤ ᠡᠮ ᠤᠤᠭᠤᠬᠤ ᠠᠷᠭ᠎ᠠ︾ ᠶᠢᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠵᠡᠷᠭᠡ ᠢᠷᠠᠭᠤ ᠠᠯᠳᠠᠷ ᠢ ᠬᠦᠷᠲᠡᠭᠰᠡᠨ ᠶᠤᠮ᠃  
     ᠮᠣᠩᠭᠤᠯ ᠡᠮᠨᠡᠯᠭᠡ ᠶᠢᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠣᠯ ᠡᠮᠨᠡᠯᠭᠡ ᠶᠢᠨ ᠬᠤᠷᠢᠶᠠᠨ ᠤ ᠴᠢᠬᠤᠯᠠ ᠰᠠᠯᠠᠭ᠎ᠠ ᠪᠣᠯᠣᠨ᠎ᠠ᠂ ᠳᠠᠶᠢᠴᠢᠨ 10 ᠭᠠᠷᠤᠢ ᠵᠦᠢᠯ ᠤᠨ ᠰᠢᠨ᠎ᠡ ᠮᠡᠷᠭᠡᠵᠢᠯ ᠰᠢᠨ᠎ᠡ ᠡᠮᠴᠢᠯᠡᠭᠡᠨ ᠤ ᠵᠦᠢᠯ ᠢ ᠲᠦᠷᠦᠭᠦᠯᠡᠨ ᠥᠷᠨᠢᠭᠦᠯᠵᠦ᠂ ᠡᠮᠨᠡᠯᠭᠡ ᠶᠢᠨ ᠬᠤᠯᠪᠣᠭᠠᠯᠠᠯ ᠤᠨ ᠬᠠᠮᠵᠢᠯᠴᠠᠭᠠᠨ ᠤ ᠳᠠᠪᠠᠭᠤᠯᠢᠭ ᠲᠤ ᠲᠦᠰᠢᠭᠯᠡᠨ᠂ ᠮᠠᠨ ᠤ ᠠᠶᠢᠮᠠᠭ ᠤᠨ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠳᠤ ︽ᠡᠪᠦᠳᠦᠭ ᠤᠨ ᠦᠶ᠎ᠡ ᠭᠡᠰᠢᠭᠦᠦ ᠶᠢ ᠰᠣᠯᠢᠬᠤ ᠮᠡᠷᠭᠡᠵᠢᠯ︾  ᠢ ᠲᠡᠷᠢᠭᠦᠯᠡᠨ ᠥᠷᠨᠢᠭᠦᠯᠦᠭᠰᠡᠨ ᠶᠤᠮ᠃ ᠡᠮᠴᠢᠯᠡᠭᠡᠨ ᠤ ᠠᠵᠢᠯ ᠤᠨ ᠪᠠᠶᠢᠷᠢ ᠳᠤ 30 ᠵᠢᠯ ᠵᠢᠳᠬᠦᠵᠦ ᠶᠠᠪᠤᠬᠤ ᠳᠠᠭᠠᠨ ᠪᠣᠰᠣᠳ ᠠᠴᠠ ᠢᠯᠡᠭᠦᠦ ᠬᠦᠴᠦ ᠬᠥᠯᠥᠰᠦ ᠤᠷᠤᠰᠬᠠᠨ᠂ ᠭᠠᠵᠠᠷ ᠣᠷᠣᠨ ᠳᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠴᠢᠯᠡᠭᠦ ᠳᠤ ᠵᠣᠷᠢᠭᠤᠯᠤᠨ᠂ ᠤᠯᠠᠮᠵᠢᠯᠠᠯᠲᠤ ᠮᠣᠩᠭᠤᠯ ᠡᠮᠨᠡᠯᠭᠡ ᠶᠢᠨ ᠠᠷᠭ᠎ᠠ ᠪᠣᠯᠣᠨ ᠮᠣᠩᠭᠤᠯ ᠡᠸᠦ᠋ᠷᠦᠫᠡ ᠡᠮᠨᠡᠯᠭᠡ ᠶᠢ ᠤᠶᠠᠯᠳᠤᠭᠤᠯᠬᠤ ᠠᠷᠭ᠎ᠠ ᠪᠠᠷ ᠵᠡᠭᠦᠦ ᠲᠥᠭᠡᠨᠡᠯᠭᠡ᠂ ᠰᠣᠷᠣᠭᠤᠯ ᠲᠠᠯᠪᠢᠬᠤ᠂  ᠬᠠᠨᠠᠬᠤ᠂ ᠭᠠᠯ ᠵᠠᠰᠠᠯ᠂ ᠢᠯᠢᠵᠦ ᠨᠤᠬᠤᠯᠠᠬᠤ ᠵᠡᠷᠭᠡ ᠠᠷᠭ᠎ᠠ ᠪᠠᠷ ᠰᠠ᠂ ᠬᠦᠵᠦᠭᠦᠨ ᠶᠠᠰᠤᠨ ᠤ ᠡᠪᠡᠳᠴᠢᠨ᠂ ᠬᠠᠷᠴᠠᠭ᠎ᠠ ᠭᠦᠳᠦᠶᠢᠬᠦ ᠡᠪᠡᠳᠴᠢᠨ ᠵᠡᠷᠭᠡ ᠶᠢ ᠡᠮᠴᠢᠯᠡᠨ ᠵᠠᠰᠠᠵᠤ ᠢᠯᠡᠷᠬᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠂ ᠪᠠᠰᠠ ᠬᠠᠷ᠎ᠠ ᠪᠦᠭᠡᠷᠡᠨ ᠳᠤ ᠤᠰᠤ ᠬᠤᠷᠠᠬᠤ᠂ ᠬᠠᠷ᠎ᠠ ᠪᠥᠭᠡᠷ᠎ᠡ ᠶᠢᠨ ᠬᠠᠪᠤᠳᠠᠷ᠂ ᠬᠠᠷ᠎ᠠ ᠪᠥᠭᠡᠷ᠎ᠡ ᠴᠢᠯᠠᠭᠤᠵᠢᠬᠤ᠂ ᠡᠮᠡᠭᠲᠡᠶᠢᠴᠦᠳ ᠤᠨ ᠡᠪᠡᠳᠴᠢᠨ ᠪᠣᠯᠣᠨ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠢ ᠮᠣᠩᠭᠤᠯ ᠡᠮ ᠢᠶᠠᠷ ᠡᠮᠨᠡᠨ ᠵᠠᠰᠠᠬᠤ ᠳᠠᠭᠠᠨ ᠴᠢᠳᠠᠮᠠᠭᠠᠢ ᠪᠠᠶᠢᠵᠤ᠂ ᠡᠳᠡᠭᠡᠷᠡᠭᠦᠯᠦᠭᠰᠡᠨ  ᠨᠣᠷᠮ᠎ᠠ ᠨᠢ 95 % ᠳᠤ ᠬᠦᠷᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号