ᠦᠨᠳᠦᠰᠦᠨ ᠱᠠᠲᠤᠨ ᠳᠤ ᠦᠨᠡᠨᠴᠢ ᠪᠠᠷ ᠵᠢᠳᠬᠦᠨ᠎ᠡ
ᠨᠡᠶᠢᠲᠡᠯᠡᠭᠰᠡᠨ ᠴᠠᠭ᠄
2023/5/12
          ᠦᠨᠳᠦᠰᠦᠨ ᠱᠠᠲᠤᠨ ᠳᠤ ᠦᠨᠡᠨᠴᠢ ᠪᠠᠷ ᠵᠢᠳᠬᠦᠨ᠎ᠡ    ᠨᠠᠷᠠᠨᠮᠠᠨᠳᠤᠯ᠎ᠠ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠤᠭ ᠰᠠᠨᠠᠭ᠎ᠠ ᠪᠠᠨ ᠪᠠᠲᠤ ᠰᠠᠬᠢᠵᠤ ᠂ ᠰᠤᠷᠤᠯᠴᠠᠯᠭ᠎ᠠ ᠪᠠᠨ ᠴᠢᠩᠭᠠᠳᠬᠠᠨ᠂ ᠰᠤᠳᠤᠯᠤᠨ ᠮᠠᠭᠠᠳᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠴᠢᠷᠮᠠᠶᠢᠳᠠᠭ᠃ ᠨᠠᠮ ᠤᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠳᠦᠷᠢᠮ ᠲᠣᠭᠲᠠᠭᠠᠯ᠂ ᠠᠵᠢᠯ ᠤᠨ ᠶᠡᠷᠦ ᠶᠢᠨ ᠮᠡᠳᠡᠯᠭᠡ ᠵᠡᠷᠭᠡ ᠶᠢᠨ ᠰᠤᠷᠤᠯᠴᠠᠯᠭ᠎ᠠ ᠶᠢᠨ ᠲᠡᠮᠳᠡᠭᠯᠡᠯ ᠨᠢ 29 ᠳᠡᠪᠲᠡᠷ ᠪᠣᠢ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠳᠤ ᠠᠵᠢᠯᠯᠠᠵᠤ ᠪᠠᠶᠢᠬᠤ ᠳᠠᠭᠠᠨ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠵᠢᠴᠢ ᠣᠷᠣᠨ ᠨᠤᠲᠤᠭ ᠤᠨ ᠴᠢᠨᠠᠷᠲᠠᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ 2014 ᠣᠨ ᠳᠤ᠂ ︽ᠪᠦᠭᠦ ᠣᠷᠣᠨ ᠤ ᠰᠢᠯᠢᠳᠡᠭ ᠤᠬᠠᠭᠤᠯᠤᠭᠴᠢ︾ ᠶᠢᠨ ᠴᠣᠯᠠ ᠭᠦᠷᠲᠡᠪᠡ᠃      ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠰᠢ᠂ ︽ᠠᠷᠠᠳ ᠤᠨ ᠲᠥᠯᠥᠭᠡᠯᠡᠭᠴᠢᠳ ᠤᠨ ᠥᠷᠥᠭᠡ︾ ᠶᠢ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠠᠶᠢᠨ ᠰᠦᠪᠡᠭᠴᠢᠯᠡᠭᠰᠡᠭᠡᠷ ᠢᠷᠡᠪᠡ᠃ 2022 ᠣᠨ ᠳᠤ ︽ᠠᠷᠠᠳ ᠤᠨ ᠲᠥᠯᠥᠭᠡᠯᠡᠭᠴᠢᠳ ᠤᠨ ᠥᠷᠥᠭᠡ︾ ᠨᠢ ︽ᠪᠦᠭᠦ ᠠᠶᠢᠮᠠᠭ ᠤᠨ ᠲᠠᠪᠤᠨ ᠣᠳᠣᠨ ᠳᠡᠰ ᠤᠨ ᠠᠷᠠᠳ ᠤᠨ ᠲᠥᠯᠥᠭᠡᠯᠡᠭᠴᠢᠳ ᠤᠨ ᠥᠷᠥᠭᠡ︾  ᠭᠡᠬᠦ ᠢᠷᠠᠭᠤ ᠠᠯᠳᠠᠷ ᠢ ᠭᠦᠷᠲᠡᠪᠡ᠃      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠲᠠᠰᠢᠷᠠᠮ ᠳᠤ᠂ ᠲᠡᠷᠡ 1000 ᠲᠥᠭᠦᠷᠢᠭ ᠤᠨ ᠨᠠᠮ ᠤᠨ ᠰᠦᠢᠳᠬᠡᠯ ᠢᠯᠡᠭᠦᠦ ᠲᠤᠰᠢᠶᠠᠪᠠ᠃ ᠪᠠᠶᠠᠩᠬᠤᠸᠠ ᠪᠠᠯᠭᠠᠰᠤᠨ ᠤ ᠲᠠᠩᠰᠤᠭ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠬᠤ ᠳᠠᠭᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂  9 ᠺᠢᠯᠣᠮᠧᠲᠷ ᠤᠨ ᠬᠠᠶᠢᠷ ᠴᠢᠯᠠᠭᠤᠨ ᠵᠠᠮ ᠡᠷᠡᠮᠡᠯᠵᠡᠨ ᠵᠠᠰᠠᠭᠤᠯᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠳᠦᠭᠦᠮ ᠦᠵᠡᠭᠦᠯᠪᠡ᠃ ᠭᠠᠴᠠᠭᠠᠨ ᠤ 6000 ᠮᠦ ᠬᠠᠮᠲᠤ ᠶᠢᠨ ᠬᠠᠳᠤᠯᠠᠩ ᠢ   ᠮᠠᠯᠴᠢᠳ ᠲᠤ ᠲᠦᠷᠢᠶᠡᠰᠦᠯᠡᠭᠦᠯᠦᠨ ᠥᠭᠴᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠶᠢ 10 ᠲᠦᠮᠡᠨ ᠲᠥᠭᠦᠷᠢᠭ ᠨᠡᠮᠡᠭᠳᠡᠭᠦᠯᠪᠡ  ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号