ᠦᠨᠳᠦᠰᠦᠨ ᠱᠠᠲᠤᠨ ᠳᠤ ᠦᠨᠡᠨᠴᠢ ᠪᠠᠷ ᠵᠢᠳᠬᠦᠨ᠎ᠡ | | ᠨᠠᠷᠠᠨᠮᠠᠨᠳᠤᠯ᠎ᠠ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠤᠭ ᠰᠠᠨᠠᠭ᠎ᠠ ᠪᠠᠨ ᠪᠠᠲᠤ ᠰᠠᠬᠢᠵᠤ | ᠂ ᠰᠤᠷᠤᠯᠴᠠᠯᠭ᠎ᠠ ᠪᠠᠨ ᠴᠢᠩᠭᠠᠳᠬᠠᠨ᠂ ᠰᠤᠳᠤᠯᠤᠨ ᠮᠠᠭᠠᠳᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ | ᠴᠢᠷᠮᠠᠶᠢᠳᠠᠭ᠃ ᠨᠠᠮ ᠤᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠳᠦᠷᠢᠮ ᠲᠣᠭᠲᠠᠭᠠᠯ᠂ ᠠᠵᠢᠯ ᠤᠨ ᠶᠡᠷᠦ ᠶᠢᠨ | ᠮᠡᠳᠡᠯᠭᠡ ᠵᠡᠷᠭᠡ ᠶᠢᠨ ᠰᠤᠷᠤᠯᠴᠠᠯᠭ᠎ᠠ ᠶᠢᠨ ᠲᠡᠮᠳᠡᠭᠯᠡᠯ ᠨᠢ 29 ᠳᠡᠪᠲᠡᠷ ᠪᠣᠢ᠃ ᠬᠤᠰᠢᠭᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶᠠᠨ ᠳᠤ ᠠᠵᠢᠯᠯᠠᠵᠤ ᠪᠠᠶᠢᠬᠤ ᠳᠠᠭᠠᠨ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠵᠢᠴᠢ ᠣᠷᠣᠨ ᠨᠤᠲᠤᠭ ᠤᠨ ᠴᠢᠨᠠᠷᠲᠠᠢ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ 2014 ᠣᠨ ᠳᠤ᠂ ︽ᠪᠦᠭᠦ ᠣᠷᠣᠨ ᠤ ᠰᠢᠯᠢᠳᠡᠭ ᠤᠬᠠᠭᠤᠯᠤᠭᠴᠢ︾ ᠶᠢᠨ | ᠴᠣᠯᠠ ᠭᠦᠷᠲᠡᠪᠡ᠃ | | | | | ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠰᠢ᠂ ︽ᠠᠷᠠᠳ ᠤᠨ ᠲᠥᠯᠥᠭᠡᠯᠡᠭᠴᠢᠳ ᠤᠨ ᠥᠷᠥᠭᠡ︾ ᠶᠢ | ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠠᠶᠢᠨ | ᠰᠦᠪᠡᠭᠴᠢᠯᠡᠭᠰᠡᠭᠡᠷ ᠢᠷᠡᠪᠡ᠃ 2022 ᠣᠨ ᠳᠤ ︽ᠠᠷᠠᠳ ᠤᠨ ᠲᠥᠯᠥᠭᠡᠯᠡᠭᠴᠢᠳ ᠤᠨ ᠥᠷᠥᠭᠡ︾ ᠨᠢ ︽ᠪᠦᠭᠦ | ᠠᠶᠢᠮᠠᠭ ᠤᠨ ᠲᠠᠪᠤᠨ ᠣᠳᠣᠨ ᠳᠡᠰ ᠤᠨ ᠠᠷᠠᠳ ᠤᠨ ᠲᠥᠯᠥᠭᠡᠯᠡᠭᠴᠢᠳ ᠤᠨ ᠥᠷᠥᠭᠡ︾ ᠭᠡᠬᠦ ᠢᠷᠠᠭᠤ ᠠᠯᠳᠠᠷ ᠢ | ᠭᠦᠷᠲᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠲᠠᠰᠢᠷᠠᠮ ᠳᠤ᠂ | ᠲᠡᠷᠡ 1000 ᠲᠥᠭᠦᠷᠢᠭ ᠤᠨ ᠨᠠᠮ ᠤᠨ ᠰᠦᠢᠳᠬᠡᠯ ᠢᠯᠡᠭᠦᠦ ᠲᠤᠰᠢᠶᠠᠪᠠ᠃ ᠪᠠᠶᠠᠩᠬᠤᠸᠠ ᠪᠠᠯᠭᠠᠰᠤᠨ ᠤ ᠲᠠᠩᠰᠤᠭ | ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠬᠤ ᠳᠠᠭᠠᠨ᠂ ᠬᠠᠮᠢᠶ᠎ᠠ ᠪᠦᠬᠦᠢ ᠰᠠᠯᠠᠭ᠎ᠠ | ᠮᠥᠴᠢᠷ ᠢ ᠢᠳᠡᠪᠬᠢᠲᠡᠢ ᠵᠣᠬᠢᠴᠠᠭᠤᠯᠵᠤ᠂ 9 ᠺᠢᠯᠣᠮᠧᠲᠷ ᠤᠨ ᠬᠠᠶᠢᠷ ᠴᠢᠯᠠᠭᠤᠨ ᠵᠠᠮ ᠡᠷᠡᠮᠡᠯᠵᠡᠨ ᠵᠠᠰᠠᠭᠤᠯᠵᠤ᠂ | ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠳᠦᠭᠦᠮ ᠦᠵᠡᠭᠦᠯᠪᠡ᠃ ᠭᠠᠴᠠᠭᠠᠨ ᠤ 6000 ᠮᠦ ᠬᠠᠮᠲᠤ ᠶᠢᠨ | ᠬᠠᠳᠤᠯᠠᠩ ᠢ ᠮᠠᠯᠴᠢᠳ ᠲᠤ ᠲᠦᠷᠢᠶᠡᠰᠦᠯᠡᠭᠦᠯᠦᠨ ᠥᠭᠴᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠢᠯ ᠤᠨ | ᠣᠷᠣᠯᠭ᠎ᠠ ᠶᠢ 10 ᠲᠦᠮᠡᠨ ᠲᠥᠭᠦᠷᠢᠭ ᠨᠡᠮᠡᠭᠳᠡᠭᠦᠯᠪᠡ ᠃ |