ᠦᠨᠳᠦᠰᠦᠨ ᠨᠤᠲᠤᠭ ᠪᠡᠯᠴᠢᠭᠡᠷ ᠢ ᠲᠣᠬᠢᠷᠠᠭᠤᠯᠤᠭᠰᠠᠨ ᠦᠷ᠎ᠡ ᠳ᠋ᠦᠩ ᠤᠨ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2023/5/15
    ᠦᠨᠳᠦᠰᠦᠨ ᠨᠤᠲᠤᠭ ᠪᠡᠯᠴᠢᠭᠡᠷ ᠢ ᠲᠣᠬᠢᠷᠠᠭᠤᠯᠤᠭᠰᠠᠨ ᠦᠷ᠎ᠡ ᠳ᠋ᠦᠩ ᠤᠨ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ     ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠪᠠᠶᠢᠭᠤᠯᠵᠤ᠂ ᠨᠤᠲᠤᠭ ᠪᠡᠯᠴᠢᠭᠡᠷ ᠤᠨ ᠬᠡᠷᠡᠭᠴᠡᠭᠡ ᠶᠢᠨ ᠬᠠᠮᠢᠶᠠᠷᠤᠯᠲᠠ ᠪᠠ ᠬᠤᠷᠸ᠎ᠠ ᠲᠣᠬᠢᠷᠠᠭᠤᠯᠤᠯ ᠡᠵᠡᠮᠳᠡᠯ ᠢ ᠴᠢᠩᠭᠠᠳᠬᠠᠨ᠂ ᠦᠨᠳᠦᠰᠦᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠬᠢᠨᠠᠨ ᠵᠥᠪᠰᠢᠶᠡᠷᠡᠬᠦ᠂ ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ ᠬᠡᠷᠡᠭᠯᠡᠬᠦ ᠦᠵᠡᠭᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠪᠠ ᠪᠡᠯᠴᠢᠭᠡᠷ ᠤᠨ ᠮᠠᠯ ᠠᠵᠤ ᠠᠬᠤᠢ ᠶᠢᠨ ᠦᠷᠭᠦᠯᠵᠢᠯᠡᠨ ᠵᠣᠬᠢᠴᠠᠩᠭᠤᠢ ᠪᠠᠷ ᠬᠥᠭᠵᠢᠬᠦ ᠶᠢ ᠯᠠᠪᠳᠠᠭᠤᠨ ᠪᠦᠲᠦᠮᠵᠢᠲᠡᠢ ᠠᠬᠢᠭᠤᠯᠬᠤ ᠶᠢᠨ ᠲᠥᠯᠥᠭᠡ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠮᠡᠷᠭᠡᠵᠢᠯ ᠤᠨ ᠨᠢᠭᠡᠴᠡ ᠲᠠᠢ ᠬᠠᠮᠵᠢᠯᠴᠠᠨ ᠦᠨᠳᠦᠰᠦᠨ ᠨᠤᠲᠤᠭ ᠪᠡᠯᠴᠢᠭᠡᠷ ᠢ ᠢᠯᠭᠠᠨ ᠲᠣᠭᠲᠠᠭᠠᠬᠤ ᠠᠵᠢᠯ ᠢ  ᠦᠷᠨᠢᠬᠦᠯᠪᠡ᠃ ᠡᠳᠦᠭᠡ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠭᠰᠠᠨ ᠦᠷ᠎ᠡ ᠪᠦᠲᠦᠭᠡᠯ ᠤᠨ ᠲᠤᠭ᠎ᠠ ᠪᠠᠷᠢᠮᠲᠠ ᠶᠢ ᠵᠠᠷᠯᠠᠨ ᠨᠡᠶᠢᠲᠡᠯᠡᠶ᠎ᠡ᠃     ᠮᠠᠨ ᠤ ᠬᠤᠰᠢᠭᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ︵︽ᠭᠤᠷᠪᠠ ᠶᠢ ᠲᠣᠬᠢᠷᠠᠭᠤᠯᠬᠤ︾ ᠭᠡᠵᠦ ᠲᠣᠪᠴᠢᠯᠠᠨ᠎ᠠ︶ ᠵᠢᠴᠢ 2020 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠪᠡᠯᠴᠢᠭᠡᠷ ᠤᠨ ᠶᠡᠷᠦᠩᠬᠡᠢ ᠲᠠᠯᠠᠪᠠᠶ ᠶᠢ 2928.57 ᠲᠦᠮᠡᠨ ᠮᠦ ᠪᠠᠷ ᠲᠣᠭᠲᠠᠭᠠᠵᠤ᠂ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠶᠢ 2741.96 ᠲᠦᠮᠡᠨ ᠮᠦ ᠪᠠᠷ ᠵᠠᠭᠠᠭᠯᠠᠨ ᠲᠣᠭᠲᠠᠭᠠᠵᠤ᠂ ᠡᠵᠡᠯᠡᠬᠦ ᠬᠠᠷᠢᠴᠠᠯ ᠨᠢ 93.63% ᠪᠣᠯᠣᠨ᠎ᠠ᠂ ᠡᠭᠦᠨ ᠳᠤ ᠭᠤᠤᠯᠳᠠᠯᠭ᠎ᠠ ᠲᠠᠢ ᠪᠡᠯᠴᠢᠭᠡᠷ ᠤᠨ ᠲᠠᠯᠠᠪᠠᠶ ᠨᠢ 1801.19 ᠲᠦᠮᠡᠨ ᠮᠦ ᠳᠤ ᠬᠦᠷᠴᠡᠢ᠃ ᠬᠠᠳᠤᠯᠠᠩ ᠪᠡᠯᠴᠢᠭᠡᠷ ᠤᠨ ᠲᠠᠯᠠᠪᠠᠢ 796.8 ᠲᠦᠮᠡᠨ ᠮᠦ᠃ ᠲᠠᠷᠢᠮᠠᠯ ᠪᠡᠯᠴᠢᠭᠡᠷ ᠤᠨ ᠲᠠᠯᠠᠪᠠᠶ 0.11 ᠲᠦᠮᠡᠨ ᠮᠦ  ᠃  ᠵᠠᠰᠠᠨ ᠰᠠᠶᠢᠵᠢᠷᠠᠭᠤᠯᠤᠭᠰᠠᠨ ᠪᠡᠯᠴᠢᠭᠡᠷ ᠤᠨ ᠲᠠᠯᠠᠪᠠᠶ 15.87 ᠲᠦᠮᠡᠨ ᠮᠦ᠃ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ ᠨᠤᠲᠤᠭ ᠪᠡᠯᠴᠢᠭᠡᠷ ᠤᠨ ᠲᠠᠯᠠᠪᠠᠶ 127.99 ᠲᠦᠮᠡᠨ ᠮᠦ᠃ ᠦᠨᠳᠦᠰᠦᠨ ᠪᠤᠰᠤ ᠨᠤᠲᠤᠭ ᠪᠡᠯᠴᠢᠭᠡᠷ ᠤᠨ ᠲᠠᠯᠠᠪᠠᠶ 186.61 ᠲᠦᠮᠡᠨ ᠮᠦ ᠳᠤ ᠬᠦᠷᠴᠦ᠂ 6.37% ᠶᠢ ᠡᠵᠡᠯᠡᠪᠡ᠃    ᠣᠨᠴᠠᠭᠠᠶᠢᠯᠠᠨ ᠵᠠᠷᠯᠠᠪᠠ            ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                           2023 ᠣᠨ ᠤ 5 ᠰᠠᠷ᠎ᠠ ᠶᠢᠨ 4 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号