ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ ᠵᠡᠷᠭᠡ  ᠬᠠᠤᠯᠢ  ᠠᠴᠠ  ᠵᠥᠷᠢᠴᠡᠭᠰᠡᠨ  ᠶᠠᠯᠠᠲᠤ  ᠠᠵᠢᠯᠯᠠᠭ᠎ᠠ  ᠶᠢ  ᠢᠯᠡᠴᠢᠯᠡᠨ  ᠮᠡᠳᠡᠬᠦᠯᠬᠦ ᠶᠢ ᠱᠠᠩᠨᠠᠨ ᠬᠥᠬᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/5/15
  ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ ᠵᠡᠷᠭᠡ  ᠬᠠᠤᠯᠢ   ᠠᠴᠠ  ᠵᠥᠷᠢᠴᠡᠭᠰᠡᠨ  ᠶᠠᠯᠠᠲᠤ  ᠠᠵᠢᠯᠯᠠᠭ᠎ᠠ   ᠶᠢ  ᠢᠯᠡᠴᠢᠯᠡᠨ  ᠮᠡᠳᠡᠬᠦᠯᠬᠦ ᠶᠢ ᠱᠠᠩᠨᠠᠨ ᠬᠥᠬᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶   ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠮᠠᠯᠴᠢᠨ ᠲᠦᠮᠡᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠦ ᠤᠷᠭᠤᠮᠠᠯ ᠢ ᠬᠠᠮᠠᠭᠠᠯᠠᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠬᠤ ᠶᠢᠨ ᠲᠥᠯᠥᠭᠡ᠂ ︽ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠠᠨ ᠪᠣᠳᠠᠲᠤ ᠪᠠᠶᠢᠳᠠᠯ  ᠲᠠᠢ ᠤᠶᠠᠯᠳᠤᠭᠤᠯᠵᠤ᠂ ᠲᠣᠰ ᠱᠠᠩᠨᠠᠨ ᠬᠥᠬᠢᠭᠦᠯᠬᠦ ᠠᠷᠭ᠎ᠠ ᠶᠢ ᠣᠨᠴᠠᠭᠠᠶᠢᠯᠠᠨ ᠲᠣᠭᠲᠠᠭᠠᠪᠠ᠃   ᠨᠢᠭᠡᠳᠦᠭᠡᠷ ᠵᠦᠶᠯ   ᠱᠠᠩᠨᠠᠨ ᠬᠥᠬᠢᠭᠦᠯᠬᠦ ᠡᠲᠡᠭᠡᠳ   ᠱᠠᠩᠨᠠᠨ ᠬᠥᠬᠢᠭᠦᠯᠬᠦ ᠡᠲᠡᠭᠡᠳ ᠪᠣᠯ ᠲᠣᠰ ᠬᠤᠰᠢᠭᠤᠨ ᠤ ᠬᠡᠪᠴᠢᠶᠡᠨ ᠳᠤ ᠬᠠᠤᠯᠢ ᠪᠤᠰᠤ ᠪᠠᠷ ᠨᠤᠲᠤᠭ ᠪᠡᠯᠴᠢᠭᠡᠷ  ᠤᠨ ᠬᠡᠭᠡᠷ᠎ᠡ ᠶᠢᠨ ᠡᠮᠲᠦ ᠤᠷᠭᠤᠮᠠᠯ ᠢ ᠮᠠᠯᠳᠠᠭᠰᠠᠨ᠂ ᠬᠤᠳᠠᠯᠳᠤᠨ ᠠᠪᠤᠭᠰᠠᠨ᠂  ᠵᠦᠭᠡᠭᠡᠪᠦᠷᠢᠯᠡᠭᠰᠡᠨ᠂ ᠬᠤᠳᠠᠯᠳᠤᠭᠰᠠᠨ ᠵᠡᠷᠭᠡ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠬᠦᠯᠦᠭᠡᠳ᠂ ᠢᠯᠡᠴᠢᠯᠡᠨ ᠮᠡᠳᠡᠭᠦᠯᠦᠭᠰᠡᠨ ᠰᠦᠪᠡᠭᠴᠢ ᠨᠢ ᠦᠨᠡᠨ ᠪᠣᠳᠠᠲᠠᠶ ᠪᠠᠶᠢᠬᠤ ᠶᠢ ᠪᠠᠶᠢᠴᠠᠭᠠᠨ ᠬᠡᠷᠴᠢᠯᠡᠭᠰᠡᠨ᠂ ᠳᠤᠮᠳᠠᠳᠤ ᠤᠯᠤᠰ ᠤᠨ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ᠢᠯᠡᠴᠢᠯᠡᠨ ᠮᠡᠳᠡᠭᠦᠯᠦᠭᠴᠢ ᠭᠡᠵᠦ ᠲᠣᠪᠴᠢᠯᠠᠨ᠎ᠠ︶ ᠶᠢ ᠵᠢᠠᠭᠠᠨ᠎ᠠ᠃   ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠪᠤᠶᠤ ᠤᠨᠴᠠ ᠲᠣᠭᠲᠠᠭᠠᠭᠰᠠᠨ ᠡᠭᠦᠷᠭᠡ ᠲᠠᠢ ᠬᠥᠮᠦᠰ ᠨᠢ ᠱᠠᠩᠨᠠᠨ ᠬᠥᠬᠢᠭᠦᠯᠬᠦ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠥᠬᠡᠶ᠂ ᠲᠣᠰ ᠠᠷᠭ᠎ᠠ ᠶᠢ ᠲᠡᠳᠡᠨ ᠳᠤ ᠬᠡᠷᠡᠭᠵᠢᠭᠦᠯᠬᠦ ᠦᠭᠡᠢ  ᠬᠤᠶᠠᠳᠤᠭᠠᠷ ᠵᠦᠢᠯ   ᠱᠠᠩᠨᠠᠨ ᠬᠥᠬᠢᠭᠦᠯᠬᠦ ᠵᠠᠷᠴᠢᠮ   ︵ᠨᠢᠭᠡ︶ ᠱᠠᠩᠨᠠᠨ ᠬᠥᠬᠢᠭᠦᠯᠬᠦ ᠢᠯᠡᠴᠢᠯᠡᠨ ᠮᠡᠳᠡᠭᠦᠯᠦᠭᠴᠢ ᠨᠢ ᠵᠠᠷᠴᠢᠮ ᠳᠡᠭᠡᠷ᠎ᠡ ᠪᠠᠨ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠰᠡᠨ ᠪᠠᠶᠢᠬᠤ ᠬᠡᠷᠡᠭᠲᠡᠢ᠃ ᠨᠡᠷ᠎ᠡ ᠪᠤᠷᠤᠭᠤᠯᠠᠵᠤ ᠢᠯᠡᠴᠢᠯᠡᠨ ᠮᠡᠳᠡᠬᠦᠯᠦᠭᠰᠡᠳ ᠤᠨ ᠰᠦᠪᠡᠭᠴᠢ  ᠢ ᠪᠠᠶᠢᠴᠠᠭᠠᠨ ᠳᠤᠳᠤᠯᠠᠭᠰᠠᠨ ᠤ ᠳᠠᠷᠠᠭ᠎ᠠ ᠢᠯᠡᠴᠢᠯᠡᠨ ᠮᠡᠳᠡᠭᠦᠯᠦᠭᠴᠢ ᠲᠠᠢ ᠬᠠᠷᠢᠯᠴᠠᠵᠦ᠂ ᠢᠯᠡᠴᠢᠯᠡᠨ ᠮᠡᠳᠡᠭᠦᠯᠦᠭᠴᠢ ᠱᠠᠩᠨᠠᠯ ᠬᠥᠬᠢᠭᠦᠯᠬᠦ ᠲᠤᠰᠬᠤ ᠳᠤᠷᠠᠲᠠᠶ ᠪᠣᠯ ᠱᠠᠩᠨᠠᠨ ᠬᠦᠬᠢᠬᠦᠯᠦᠨ᠎ᠡ᠃   ︵ᠬᠤᠶᠠᠷ︶ ᠠᠳᠠᠯᠢ ᠨᠢᠭᠡ ᠬᠡᠷᠡᠭ ᠢ ᠣᠯᠠᠨ ᠬᠥᠮᠦᠨ ᠲᠣᠰ ᠲᠣᠰ ᠲᠠᠭᠠᠨ ᠢᠯᠡᠴᠢᠯᠡᠨ ᠮᠡᠳᠡᠭᠦᠯᠦᠭᠰᠡᠨ ᠪᠠᠶᠢᠪᠠᠯ᠂ ᠰᠦᠪᠡᠭᠴᠢ ᠶᠢ ᠳᠠᠩᠰᠠᠯᠠᠭᠰᠠᠨ ᠴᠠᠭ ᠢᠶᠠᠷ ᠪᠠᠷᠢᠮᠵᠢᠶ᠎ᠠ ᠪᠣᠯᠭᠠᠵᠤ᠂ ᠬᠠᠮᠤᠭ ᠲᠡᠷᠢᠭᠦᠨ ᠳᠤ ᠢᠯᠡᠴᠢᠯᠡᠨ ᠮᠡᠳᠡᠭᠦᠯᠦᠭᠰᠡᠨ ᠬᠥᠮᠦᠨ ᠢ ᠱᠠᠩᠨᠠᠨ᠎ᠠ᠃ ᠤᠯᠠᠨ ᠬᠥᠮᠦᠨ ᠢᠯᠡᠴᠢᠯᠡᠨ ᠮᠡᠳᠡᠭᠦᠯᠦᠭᠰᠡᠨ ᠪᠣᠯᠪᠠᠴᠤ ᠢᠯᠡᠴᠢᠯᠡᠨ ᠮᠡᠳᠡᠭᠦᠯᠦᠭᠰᠡᠨ ᠠᠭᠤᠯᠭ᠎ᠠ ᠨᠢ ᠶᠡᠭᠡ ᠢᠯᠭᠠᠭ᠎ᠠ ᠲᠠᠢ ᠪᠠᠶᠢᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠦᠨᠡᠬᠡᠷ ᠠᠳᠠᠯᠢ ᠪᠤᠰᠤ ᠬᠠᠪᠰᠤᠷᠤᠯᠭ᠎ᠠ ᠦᠵᠡᠭᠦᠯᠦᠭᠰᠡᠨ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠲᠤᠰ ᠲᠤᠰ ᠲᠤᠨᠢ ᠬᠥᠬᠢᠭᠦᠯᠦᠨ ᠱᠠᠩᠨᠠᠨ᠎ᠠ᠃   ︵ᠭᠤᠷᠪᠠ︶ ᠬᠤᠶᠠᠷ ᠠᠴᠠ ᠳᠡᠭᠡᠭᠰᠢ ᠬᠥᠮᠦᠨ ᠨᠡᠷ᠎ᠡ ᠬᠤᠯᠪᠣᠭᠠᠯᠠᠨ ᠠᠳᠠᠯᠢ ᠨᠢᠭᠡᠨ ᠬᠡᠷᠡᠭ ᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠨᠢᠭᠡᠯᠡ ᠬᠡᠷᠡᠭ ᠢᠶᠠᠷ ᠪᠣᠳᠣᠵᠣ ᠱᠠᠩᠨᠠᠨ ᠬᠥᠬᠢᠭᠦᠯᠵᠦ᠂ ᠱᠠᠩᠨᠠᠯ ᠤᠨ ᠮᠥᠩᠭᠦ ᠶᠢ ᠢᠯᠡᠴᠢᠯᠡᠨ ᠮᠡᠳᠡᠭᠦᠯᠦᠭᠰᠡᠳ ᠠᠴᠠ ᠵᠥᠪᠳᠡᠯᠴᠡᠨ ᠬᠤᠪᠢᠶᠠᠷᠢᠯᠠᠨ ᠠᠪᠴᠦ ᠪᠤᠯᠤᠨ᠎ᠠ᠃ ᠵᠥᠪᠳᠡᠯᠴᠡᠭᠡᠳ ᠪᠦᠲᠦᠬᠦ ᠦᠭᠡᠶ ᠪᠣᠯ ᠱᠠᠩᠨᠠᠯ ᠤᠨ ᠪᠡᠯᠡ ᠮᠥᠩᠭᠦ ᠶᠢ ᠲᠡᠭᠰᠢᠳᠬᠡᠨ ᠬᠤᠪᠢᠶᠠᠷᠢᠯᠠᠨ᠎ᠠ᠃   ︵ᠳᠥᠷᠪᠡ︶ ᠢᠯᠡᠴᠢᠯᠡᠨ ᠮᠡᠳᠡᠭᠦᠯᠦᠭᠴᠢ ᠨᠢ ᠣᠯᠠᠨ ᠭᠠᠵᠠᠷ ᠤᠨ ᠣᠯᠠᠨ ᠰᠠᠯᠠᠭ᠎ᠠ ᠮᠥᠴᠢᠷ ᠲᠤ ᠠᠳᠠᠯᠢ ᠨᠢᠭᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠣᠯ ᠳᠠᠪᠬᠤᠷᠳᠠᠭᠤᠯᠤᠨ ᠱᠠᠩᠨᠠᠬᠤ ᠦᠭᠡᠶ᠃   ︵ᠲᠠᠪᠤ︶ ᠢᠯᠡᠴᠢᠯᠡᠨ ᠮᠡᠳᠡᠭᠦᠯᠦᠭᠴᠢ ᠶᠢᠨ ᠢᠯᠡᠴᠢᠯᠡᠨ ᠮᠡᠳᠡᠭᠦᠯᠦᠭᠰᠡᠨ ᠠᠳᠠᠯᠢ ᠨᠢᠭᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠨᠢ ᠲᠤᠰ ᠠᠷᠭ᠎ᠠ ᠪᠣᠯᠤᠨ ᠪᠤᠰᠤᠳ ᠢᠯᠡᠴᠢᠯᠡᠨ ᠮᠡᠳᠡᠭᠦᠯᠬᠦ ᠠᠵᠢᠯᠯᠠᠭ᠎ᠠ ᠶᠢ ᠱᠠᠩᠨᠠᠨ ᠬᠥᠬᠢᠭᠦᠯᠬᠦ ᠠᠷᠭ᠎ᠠ ᠳᠤ ᠲᠣᠭᠲᠠᠭᠠᠭᠰᠠᠨ ᠱᠠᠩᠨᠠᠨ ᠬᠥᠬᠢᠭᠦᠯᠬᠦ ᠪᠠᠶᠢᠳᠠᠯ ᠳᠤ ᠴᠥᠮ ᠨᠡᠶᠢᠴᠡᠵᠦ ᠪᠠᠶᠢᠪᠠᠯ᠂ ᠬᠠᠮᠤᠭ ᠤᠨ ᠥᠨᠳᠥᠷ ᠪᠠᠷᠢᠮᠵᠢᠶ᠎ᠠ ᠪᠠᠷ ᠨᠢ ᠱᠠᠩᠨᠠᠨ ᠬᠥᠬᠢᠭᠦᠯᠦᠨ᠎ᠡ᠃   ︵ᠵᠢᠷᠭᠤᠭ᠎ᠠ︶ ᠢᠯᠡᠴᠢᠯᠡᠨ ᠮᠡᠳᠡᠭᠦᠯᠦᠭᠴᠢ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠦᠨᠡᠨ ᠪᠣᠳᠠᠲᠤ ᠴᠢᠨᠠᠷ  ᠲᠤ ᠡᠷᠬᠡᠪᠰᠢ ᠬᠠᠷᠢᠭᠤᠴᠠᠬᠤ ᠬᠡᠷᠡᠭᠲᠡᠶ᠂ ᠪᠣᠳᠠᠲᠤ ᠶᠠᠪᠤᠳᠠᠯ ᠢ ᠬᠤᠳᠠᠯ ᠬᠠᠭᠤᠷᠮᠠᠭ ᠢᠶᠠᠷ ᠵᠣᠬᠢᠶᠠᠵᠤ ᠪᠣᠯᠬᠤ ᠦᠭᠡᠶ᠂ ᠵᠦᠢ ᠪᠤᠰᠤ ᠥᠷᠢᠰᠥᠯᠳᠦᠭᠡᠨ ᠵᠡᠷᠭᠡ ᠵᠣᠷᠢᠯᠭ᠎ᠠ ᠪᠠᠷ ᠭᠦᠳᠬᠡᠨ ᠵᠠᠭᠠᠯᠳᠤᠬᠤ ᠪᠤᠶᠤ ᠬᠤᠳᠠᠯ ᠬᠠᠭᠤᠷᠮᠠᠭ ᠢᠶᠠᠷ ᠢᠯᠡᠴᠢᠯᠡᠨ ᠮᠡᠳᠡᠭᠦᠯᠵᠦ ᠪᠣᠯᠬᠤ ᠦᠭᠡᠶ᠃ ᠢᠯᠡᠴᠢᠯᠡᠨ ᠮᠡᠳᠡᠭᠦᠯᠦᠭᠴᠢ ᠬᠤᠳᠠᠯ ᠬᠠᠭᠤᠷᠮᠠᠭ ᠢᠶᠠᠷ ᠢᠯᠡᠴᠢᠯᠡᠨ ᠮᠡᠳᠡᠭᠦᠯᠵᠦ᠂ ᠬᠤᠳᠠᠯ ᠬᠠᠭᠤᠷᠮᠠᠭ ᠬᠡᠷᠡᠭ ᠵᠣᠬᠢᠶᠠᠵᠤ ᠪᠤᠰᠤᠳ ᠢ ᠭᠦᠳᠬᠡᠨ ᠭᠦᠵᠢᠷᠯᠡᠭᠰᠡᠨ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ︵ᠳᠣᠯᠤᠭ᠎ᠠ︶ ᠢᠯᠡᠴᠢᠯᠡᠨ ᠮᠡᠳᠡᠭᠦᠯᠦᠭᠴᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠬᠠᠩᠭᠠᠵᠤ᠂ ᠪᠠᠶᠢᠴᠠᠭᠠᠨ ᠳᠣᠲᠣᠯᠠᠭᠠᠳ ᠦᠨᠡᠨ ᠪᠣᠳᠠᠲᠠᠶ ᠪᠠᠶᠢᠪᠠᠯ᠂ ᠱᠠᠩᠨᠠᠬᠤ ᠪᠠᠷᠢᠮᠵᠢᠶ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠪᠠᠯᠠ ᠮᠥᠩᠭᠦ ᠣᠯᠭᠤᠨ᠎ᠠ᠃   ᠭᠤᠷᠪᠠᠳᠤᠭᠠᠷ ᠵᠦᠢᠯ   ᠱᠠᠩᠨᠠᠬᠤ ᠨᠥᠬᠦᠴᠡᠯᠲᠣᠰ ᠠᠷᠭ᠎ᠠ ᠳᠤ ᠬᠡᠯᠡᠵᠦ ᠪᠠᠶᠢᠭ᠎ᠠ ᠨᠤᠲᠤᠭ ᠪᠡᠯᠴᠢᠭᠡᠷ ᠤᠨ ᠡᠮᠲᠤ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠬᠦᠯᠦᠭᠰᠡᠳ ᠢ ᠱᠠᠩᠨᠠᠬᠤ ᠪᠣᠳᠠᠲᠠᠶ ᠬᠦᠷᠢᠶ᠎ᠡ ᠬᠡᠪᠴᠢᠶ᠎ᠡ ᠨᠢ᠄   ︵ᠨᠢᠭᠡ︶ ᠲᠣᠳᠣᠷᠬᠠᠶ ᠢᠯᠡᠴᠢᠯᠡᠨ ᠮᠡᠳᠡᠭᠦᠯᠦᠭᠰᠡᠨ ᠡᠲᠡᠭᠡᠳ᠂ ᠪᠣᠳᠠᠲᠠᠶ ᠢᠯᠡᠴᠢᠯᠡᠨ ᠮᠡᠳᠡᠭᠦᠯᠦᠭᠰᠡᠨ ᠪᠣᠳᠠᠲᠤ ᠶᠠᠪᠤᠳᠠᠯ ᠪᠤᠶᠤ ᠰᠦᠪᠡᠭᠴᠢ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠲᠠᠢ ᠪᠠᠶᠢᠬᠤ᠃   ︵ᠬᠤᠶᠠᠷ︶ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢᠯᠡᠷᠡᠭᠦᠯᠦᠭᠰᠡᠨ ᠪᠤᠶᠤ ᠡᠵᠡᠮᠰᠢᠭᠰᠡᠨ᠂ ᠡᠰᠡᠬᠦᠯ᠎ᠡ ᠨᠢᠭᠡᠨᠲᠡ ᠡᠵᠡᠮᠰᠢᠭᠰᠡᠨ ᠪᠣᠯᠪᠠᠴᠤ ᠢᠯᠡᠴᠢᠯᠡᠨ ᠮᠡᠳᠡᠭᠦᠯᠦᠭᠴᠢ ᠶᠢᠨ ᠲᠤᠰᠬᠠᠭᠰᠠᠨ ᠠᠭᠤᠯᠭ᠎ᠠ ᠨᠢ ᠨᠠᠩ ᠨᠠᠷᠢᠨ ᠪᠣᠳᠠᠲᠠᠶ ᠪᠠᠶᠢᠵᠤ᠂ ᠬᠡᠷᠡᠭ ᠢ ᠲᠠᠩᠨᠠᠨ ᠢᠯᠡᠷᠡᠭᠦᠯᠬᠦ᠂ ᠬᠠᠤᠯᠢ ᠠᠴᠠ ᠵᠥᠷᠢᠴᠡᠭᠰᠡᠨ ᠶᠠᠯ᠎ᠠ ᠬᠢᠭᠰᠡᠨ ᠰᠡᠵᠢᠭᠳᠡᠨ ᠠᠴᠠ ᠬᠠᠷᠢᠭᠤᠴᠠᠯᠭ᠎ᠠ ᠨᠡᠬᠡᠮᠵᠢᠯᠡᠬᠦ ᠳᠤ ᠠᠰᠢᠭᠲᠠᠶ ᠪᠠᠶᠢᠬᠤ᠃   ︵ᠭᠤᠷᠪᠠ︶ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢ ᠦᠨᠳᠦᠰᠦᠯᠡᠨ᠂ ᠪᠠᠶᠢᠴᠠᠭᠠᠨ ᠲᠤᠳᠤᠯᠠᠭᠠᠳ ᠦᠨᠡᠨ ᠪᠤᠳᠠᠲᠠᠢ ᠪᠦᠭᠡᠳ ᠲᠤᠰ ᠬᠤᠰᠢᠭᠤᠨ ᠤ ᠬᠠᠷᠢᠶᠠᠨ ᠳᠤ ᠬᠠᠷᠢᠶᠠᠯᠠᠭᠳᠠᠭᠰᠠᠨ᠂ ᠬᠠᠤᠯᠢ ᠪᠤᠰᠤ ᠪᠠᠷ ᠨᠤᠲᠤᠭ ᠪᠡᠯᠴᠢᠭᠡᠷ  ᠤᠨ ᠬᠡᠭᠡᠷ᠎ᠡ ᠶᠢᠨ ᠡᠮᠲᠦ ᠤᠷᠭᠤᠮᠠᠯ ᠢ ᠮᠠᠯᠲᠠᠵᠤ᠂ ᠬᠤᠳᠠᠯᠳᠤᠨ ᠠᠪᠴᠤ᠂ ᠵᠥᠭᠡᠭᠡᠪᠦᠷᠢᠯᠡᠵᠦ᠂ ᠬᠤᠳᠠᠯᠳᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠭᠠᠷᠭᠠᠨ᠎ᠠ᠃   ᠳᠥᠷᠪᠡᠳᠦᠭᠡᠷ ᠵᠦᠢᠯ   ᠢᠯᠡᠴᠢᠯᠡᠨ ᠮᠡᠳᠡᠭᠦᠯᠬᠦ ᠬᠡᠪᠴᠢᠶ᠎ᠡ   ︵ᠨᠢᠭᠡ︶ ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠦ ᠤᠷᠭᠤᠮᠠᠯ ᠤᠨ ᠡᠬᠢ ᠪᠠᠶᠠᠯᠢᠭ ᠢ ᠬᠠᠤᠯᠢ ᠪᠤᠰᠤ ᠪᠠᠷ ᠮᠠᠯᠲᠠᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ᠃   ︵ᠬᠤᠶᠠᠷ︶ ᠦᠨᠡᠮᠯᠡᠯ ᠦᠭᠡᠢ ᠪᠠᠶᠢᠭᠠᠳ ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠤ ᠤᠷᠭᠤᠮᠠᠯ ᠢ ᠮᠠᠯᠲᠠᠭᠰᠠᠨ ᠂ ᠵᠥᠪᠰᠢᠶᠡᠷᠡᠯ ᠦᠭᠡᠢ ᠪᠠᠷ ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠤ ᠤᠷᠭᠤᠮᠠᠯ ᠢ ᠬᠠᠤᠯᠢ ᠪᠤᠰᠤ ᠪᠠᠷ ᠬᠤᠳᠠᠯᠳᠤᠭᠰᠠᠨ᠂ ᠬᠤᠳᠠᠯᠳᠤᠨ ᠠᠪᠤᠭᠰᠠᠨ ᠵᠢᠴᠢ ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠤ ᠤᠷᠭᠤᠮᠠᠯ ᠢ ᠮᠠᠯᠲᠠᠬᠤ ᠦᠨᠡᠮᠯᠡᠯ ᠢ ᠬᠠᠭᠤᠷᠮᠠᠭ ᠢᠶᠠᠷ ᠵᠤᠬᠢᠶᠠᠭᠰᠠᠨ᠂ ᠬᠤᠳᠠᠯᠳᠤᠭᠠᠯᠠᠭᠰᠠᠨ᠂ ᠰᠢᠯᠵᠢᠭᠦᠯᠦᠨ ᠥᠭᠭᠦᠭᠰᠡᠨ᠃   ︵ᠭᠤᠷᠪᠠ︶ ᠰᠦᠯᠵᠢᠶᠡᠨ ᠤ ᠠᠷᠠᠯᠵᠢᠶᠠᠨ ᠤ ᠲᠠᠪᠴᠠᠩ᠂ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠠᠷᠠᠯᠵᠢᠶᠠᠨ ᠤ ᠲᠠᠯᠠᠪᠤᠷ ᠢᠶᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠤ ᠤᠷᠭᠤᠮᠠᠯ ᠢ ᠬᠠᠤᠯᠢ ᠪᠣᠰᠤ ᠪᠠᠷ ᠬᠤᠳᠠᠯᠳᠤᠭᠰᠠᠨ᠂ ᠬᠤᠳᠠᠯᠳᠤᠨ ᠠᠪᠤᠭᠰᠠᠨ᠂ ᠠᠰᠢᠭᠯᠠᠭᠰᠠᠨ᠃   ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠡᠮᠲᠤ ᠤᠷᠭᠤᠮᠠᠯ ᠳᠤ ᠬᠤᠯᠪᠤᠭᠳᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠴᠢᠬᠤᠯᠠ ᠰᠦᠪᠡᠭᠴᠢ ᠶᠢ ᠬᠠᠩᠭᠠᠭᠰᠠᠨ᠃   ᠲᠠᠪᠤᠳᠤᠭᠠᠷ ᠵᠦᠢᠯ   ᠱᠠᠩᠨᠠᠨ ᠬᠥᠬᠢᠭᠦᠯᠬᠦ ᠪᠠᠷᠢᠮᠵᠢᠶ᠎ᠠ   ︵ᠨᠢᠭᠡ︶ ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ ᠵᠡᠷᠭᠡ ᠡᠷᠡᠭᠦᠦ ᠶᠢᠨ ᠬᠡᠷᠡᠭ ᠤᠨ ᠨᠢᠭᠡᠳᠦᠭᠡᠷ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠬᠥᠮᠦᠨ ᠢ 1000 ᠲᠥᠭᠦᠷᠢᠭ ᠢᠶᠠᠷ ᠱᠠᠩᠨᠠᠨ᠎ᠠ᠃   ︵ᠬᠤᠶᠠᠷ︶ ᠨᠤᠲᠤᠭ ᠪᠡᠯᠴᠢᠭᠡᠷ ᠤᠨ ᠬᠡᠭᠡᠷ᠎ᠡ ᠶᠢᠨ ᠡᠮᠲᠤ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ ᠵᠡᠷᠭᠡ ᠡᠩ ᠤᠨ ᠵᠠᠰᠠᠭ ᠵᠠᠬᠢᠷᠭᠠᠨ ᠤ ᠬᠡᠷᠡᠭ ᠤᠨ ᠨᠢᠭᠡᠳᠦᠭᠡᠷ ᠰᠦᠪᠡᠭᠴᠢ ᠶᠢ ᠢᠯᠡᠴᠢᠯᠡᠨ ᠮᠡᠳᠡᠭᠦᠯᠦᠭᠡᠳ ᠪᠠᠶᠢᠴᠠᠭᠠᠨ ᠳᠤᠳᠤᠯᠠᠭᠰᠠᠨ ᠪᠠᠶᠢᠪᠠᠯ᠂ 500 ᠲᠥᠭᠦᠷᠢᠭ ᠢᠶᠠᠷ ᠱᠠᠩᠨᠠᠨ᠎ᠠ᠃   ︵ᠭᠤᠷᠪᠠ︶ ᠬᠠᠤᠯᠢ ᠶᠢ ᠵᠥᠷᠢᠴᠡᠭᠰᠡᠨ ᠠᠵᠢᠯᠯᠠᠭ᠎ᠠ ᠦᠭᠡᠢ ᠪᠤᠶᠤ ᠬᠤᠶᠠᠷ ᠵᠢᠯ ᠤᠨ ᠳᠣᠲᠣᠷ᠎ᠠ ᠬᠠᠤᠯᠢ ᠵᠦᠷᠢᠴᠡᠭᠰᠡᠨ ᠪᠠᠶᠢᠳᠠᠯ ᠢᠯᠡᠷᠡᠭᠰᠡᠨ ᠦᠭᠡᠢ ᠡᠳᠡᠭᠡᠳ ᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠡᠷᠡᠭ ᠪᠣᠯᠭᠠᠨ ᠳᠠᠩᠰᠠᠯᠠᠬᠤ ᠦᠭᠡᠢ ᠪᠤᠶᠤ ᠵᠠᠰᠠᠭ ᠵᠠᠬᠢᠷᠭᠠᠨ ᠤ ᠰᠢᠢᠳᠬᠡᠯ ᠥᠭᠬᠦ ᠦᠭᠡᠢ ᠭᠡᠵᠦ ᠲᠣᠭᠲᠠᠭᠠᠭᠰᠠᠨ ᠪᠠᠶᠢᠪᠠᠯ ᠢᠯᠡᠴᠢᠯᠡᠨ ᠮᠡᠳᠡᠬᠦᠯᠦᠭᠰᠡᠳ ᠢ ᠱᠠᠩᠨᠠᠨ ᠬᠥᠬᠢᠭᠦᠯᠬᠦ ᠦᠭᠡᠢ᠃   ᠵᠢᠷᠭᠤᠳᠤᠭᠠᠷ ᠵᠦᠢᠯ    ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ   ︵ᠨᠢᠭᠡ︶ ᠢᠯᠡᠴᠢᠯᠡᠨ ᠮᠡᠳᠡᠭᠦᠯᠦᠭᠴᠢ ᠨᠢ ᠤᠲᠠᠰᠤ᠂ ᠵᠠᠬᠢᠳᠠᠯ᠂ ᠡᠯᠧᠺᠲᠷᠣᠨ ᠵᠠᠬᠢᠲᠠᠯ ᠪᠤᠶᠤ ᠨᠢᠭᠤᠷᠳᠠᠨ ᠠᠭᠤᠯᠵᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠢᠯᠡᠴᠢᠯᠡᠨ ᠮᠡᠳᠡᠭᠦᠯᠵᠦ ᠪᠣᠯᠤᠨ᠎ᠠ᠃   ᠭᠥᠯᠢᠶᠡᠨ ᠠᠪᠴᠤ ᠰᠢᠶᠳᠪᠦᠷᠢᠯᠡᠬᠦ ᠨᠢᠭᠡᠴᠡ᠄ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠢᠯᠡᠴᠢᠯᠡᠨ ᠮᠡᠳᠡᠭᠦᠯᠬᠦ ᠤᠲᠠᠰᠤ᠄ 0479— 3918569  ᠬᠠᠶ᠋ᠢᠭ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠵᠠᠬᠢᠷᠭᠠᠨ ᠤ ᠵᠡᠭᠡᠯᠢ ᠶᠢᠨ ᠤᠰᠤᠨ ᠠᠰᠢᠭᠯᠠᠯᠲᠠ ᠶᠢᠨ ᠠᠰᠠᠷ ᠤᠨ ᠭᠤᠷᠪᠠᠳᠤᠭᠠᠷ ᠠᠰᠠᠷ ᠤᠨ ᠵᠡᠭᠦᠨ ᠬᠡᠰᠡᠭ ᠲᠤ ᠰᠢᠦᠳᠠᠨ ᠳ᠋ᠤᠭᠠᠷ᠄ 026200  ᠡᠯᠧᠺᠲᠷᠣᠨ ᠵᠠᠬᠢᠲᠠᠯ ᠤᠨ ᠬᠠᠶᠠᠭ᠄ xwqlyhcyj@163.com   ︵ᠬᠤᠶᠠᠷ︶ ᠦᠨᠡᠨ ᠨᠡᠷ᠎ᠡ ᠪᠠᠷ ᠢᠶᠠᠨ ᠢᠯᠡᠴᠢᠯᠡᠬᠦ ᠶᠢ ᠰᠠᠨᠠᠭᠠᠴᠢᠯᠠᠨ᠎ᠠ᠂ ᠨᠡᠷ᠎ᠡ ᠪᠤᠷᠤᠭᠤᠯᠠᠨ ᠢᠯᠡᠴᠢᠯᠡᠭᠰᠡᠨ ᠴᠦ ᠪᠣᠯᠤᠨ᠎ᠠ᠃   ᠳᠣᠯᠣᠳᠤᠭᠠᠷ ᠵᠦᠢᠯ   ᠳᠠᠭᠠᠯᠳᠤᠭᠤᠯᠤᠯ ᠳᠦᠷᠢᠮ   ︵ᠨᠢᠭᠡ︶ ᠢᠯᠡᠴᠢᠯᠡᠨ ᠮᠡᠳᠡᠭᠦᠯᠦᠭᠴᠢ ᠱᠠᠩᠨᠠᠨ ᠬᠥᠬᠢᠭᠦᠯᠬᠦ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ ᠲᠤᠭᠳᠠᠭᠰᠠᠨ ᠭᠠᠵᠠᠷ ᠲᠤ ᠬᠦᠷᠴᠦ ᠱᠠᠩᠨᠠᠯ ᠢᠶᠠᠨ ᠠᠪᠬᠤ ᠬᠡᠷᠡᠭᠲᠡᠶ᠃ ᠢᠯᠡᠴᠢᠯᠡᠨ ᠮᠡᠳᠡᠭᠦᠯᠦᠭᠴᠢ ᠨᠢ ᠦᠨᠡᠬᠡᠷ ᠤᠨᠴᠠᠭᠠᠢ ᠰᠢᠯᠲᠠᠭᠠᠨ ᠠᠴᠠ ᠪᠣᠯᠵᠣ ᠳᠤᠭᠳᠠᠭᠰᠠᠨ ᠭᠠᠵᠠᠷ ᠲᠤ ᠬᠦᠷᠴᠤ ᠴᠢᠳᠠᠬᠤ ᠦᠭᠡᠢ ᠪᠣᠯ᠂ ᠲᠡᠭᠦᠨ ᠤ ᠬᠤᠪᠢ ᠪᠡᠶ᠎ᠡ ᠶᠢᠨ ᠮᠡᠳᠡᠭᠡ ᠵᠠᠩᠭᠢ ᠶᠢ ᠨᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠱᠠᠩᠨᠠᠯ ᠤᠨ ᠪᠠᠯᠠ ᠮᠥᠩᠭᠦ ᠣᠯᠭᠤᠵᠤ ᠪᠣᠯᠤᠨ᠎ᠠ᠃ 3 ᠵᠢᠯ ᠤᠨ ᠬᠤᠭᠤᠴᠠᠭ᠎ᠠ ᠨᠢ ᠬᠡᠲᠦᠷᠡᠲᠦᠯ᠎ᠡ ᠱᠠᠩᠨᠠᠯ ᠢᠶᠠᠨ ᠠᠪᠬᠤ ᠦᠭᠡᠶ ᠪᠣᠯ ᠥᠪᠡᠷ  ᠢᠶᠠᠨ ᠲᠠᠶᠠᠭᠳᠠᠭᠰᠠᠨ ᠢᠶᠠᠷ ᠦᠵᠡᠵᠦ᠂ ᠱᠠᠩᠨᠠᠬᠤ ᠦᠭᠡᠶ᠃   ︵ᠬᠤᠶᠠᠷ︶ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠬᠦ ᠳᠤ ᠣᠷᠣᠯᠴᠠᠭᠰᠠᠨ ᠠᠵᠢᠯᠲᠠᠳ ᠨᠢᠭᠤᠴᠠ ᠶᠢ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠢᠯᠡᠴᠢᠯᠡᠨ ᠮᠡᠳᠡᠭᠦᠯᠦᠭᠴᠢ ᠶᠢᠨ ᠵᠥᠪᠰᠢᠶᠡᠷᠡᠯ ᠦᠭᠡᠢ ᠪᠠᠷ᠂ ᠶᠠᠮᠠᠷᠪᠠ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠦᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠪᠠ ᠱᠠᠩᠨᠠᠯ ᠤᠨ ᠪᠡᠯᠡ ᠮᠥᠩᠭᠦ ᠵᠡᠷᠭᠡ ᠪᠠᠶᠢᠳᠠᠯ ᠢ ᠵᠠᠳᠠᠷᠠᠭᠤᠯᠵᠤ ᠪᠣᠯᠬᠤ ᠦᠭᠡᠶ᠂ ᠵᠥᠷᠢᠴᠡᠭᠰᠡᠳ ᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃   ︵ᠭᠤᠷᠪᠠ︶ ᠲᠣᠰ ᠠᠷᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ  ᠤᠨ ᠲᠣᠪᠴᠢᠶ᠎ᠠ ᠠᠴᠠ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ 2023 ᠣᠨ ᠤ 9 ᠰᠠᠷ᠎ᠠ ᠶᠢᠨ 9 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号