ᠤᠷᠠᠯᠢᠭ ᠲᠠᠭᠤᠤ ᠢᠶᠠᠷ ᠢᠶᠠᠨ ᠤᠯᠠᠨ ᠢᠶᠠᠨ ᠪᠠᠶᠠᠰᠬᠠᠵᠦ ᠶᠠᠪᠤᠭ᠎ᠠ ᠰᠠᠶᠢᠨ ᠲᠤᠷᠠᠴᠤᠤᠯ
ᠨᠡᠶᠢᠲᠡᠯᠡᠭᠰᠡᠨ ᠴᠠᠭ᠄
2023/5/15
     ᠤᠷᠠᠯᠢᠭ ᠲᠠᠭᠤᠤ ᠢᠶᠠᠷ ᠢᠶᠠᠨ ᠤᠯᠠᠨ ᠢᠶᠠᠨ ᠪᠠᠶᠠᠰᠬᠠᠵᠦ ᠶᠠᠪᠤᠭ᠎ᠠ ᠰᠠᠶᠢᠨ ᠲᠤᠷᠠᠴᠤᠤᠯ                                                                                              ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤᠨ ᠤ ︽ᠬᠦᠳᠡᠭᠡ ᠡᠬᠡᠰᠢᠭ︾ ᠰᠠᠶᠢᠨ ᠲᠤᠷᠠᠴᠤᠤᠯ ᠤᠨ ᠪᠦᠯᠭᠦᠮ 2019 ᠤᠨ ᠳᠤ ᠪᠠᠶᠢᠭᠤᠯᠤᠭᠳᠠᠵᠦ᠂ ᠲᠤᠰ ᠰᠤᠮᠤᠨ ᠤ ᠡᠯ᠎ᠡ ᠭᠠᠴᠠᠭ᠎ᠠ ᠶᠢᠨ ᠲᠠᠭᠤᠤ ᠤᠷᠠᠯᠢᠭ ᠳᠤ ᠪᠠᠭ᠋ᠠᠳᠠᠢ ᠬᠤᠭᠤᠷ ᠬᠦᠭᠵᠢᠮ ᠳᠤ ᠠᠪᠢᠶᠠᠰᠤᠯᠢᠭ ᠬᠤᠷᠢ ᠭᠠᠷᠤᠢ ᠨᠡᠷ᠎ᠡ ᠮᠠᠯᠴᠢᠤᠨ ᠢᠶᠠᠷ ᠪᠦᠷᠢᠯᠳᠦᠭᠰᠡᠨ ᠪᠦᠯᠭᠦᠮ ᠪᠠᠶᠢᠵᠦ᠂ ᠪᠦᠯᠭᠦᠮ ᠤᠨ ᠲᠠᠷᠤᠭ᠎ᠠ  ᠰᠤᠪᠤᠤᠠᠠᠬᠡᠷᠡᠯ ᠤᠨ ᠲᠠᠭᠠᠭᠤᠯᠭ᠎ᠠ ᠲᠤᠤᠷ᠎ᠠ ᠬᠡᠳᠦᠨ ᠵᠢᠯ ᠤᠨ ᠲᠤᠷᠰᠢ ᠦᠪᠡᠷᠰᠡᠤᠨ ᠤᠨ ᠢᠶᠠᠨ ᠠᠵᠢᠯ ᠤᠨ ᠴᠢᠯᠦᠬᠡ ᠵᠠᠪ ᠢᠶᠠᠷ ᠢᠶᠠᠨ ᠪᠤᠯᠪᠠᠰᠤᠷᠠᠭᠰᠠᠨ ᠲᠤᠭᠯᠠᠯᠳᠠ ᠪᠠᠨ ᠭᠠᠴᠠᠭ᠎ᠠ᠂ ᠨᠡᠶᠢᠭᠡᠮ ᠲᠤᠭᠤᠷᠢᠭ ᠲᠤ ᠬᠦᠷᠴᠦ᠂ ᠲᠤᠭᠯᠠᠯᠳᠠ ᠪᠠᠨ ᠭᠠᠷᠭᠠᠳᠠᠭ ᠪᠦᠭᠡᠤᠨ ᠪᠠᠰᠠ ᠵᠢᠯ ᠴᠠᠭᠠᠨ ᠰᠠᠷ᠎ᠠ ᠵᠡᠷᠭᠡ ᠪᠠᠶᠠᠷ ᠲᠤᠷᠠᠰᠬᠠᠯ ᠤᠨ ᠡᠳᠦᠷ ᠢ ᠲᠤᠬᠢᠶᠠᠯᠳᠤᠭᠤᠯᠤᠨ᠂ ᠨᠠᠰᠤᠳᠠᠶᠢᠴᠤᠤᠨ᠂ ᠴᠡᠷᠢᠭ ᠠᠩᠬᠢ ᠳᠤ ᠬᠦᠷᠴᠦ ᠲᠤᠬᠤᠨᠢᠭᠤᠯᠬᠤ ᠲᠤᠭᠯᠠᠯᠳᠠ ᠭᠠᠷᠭᠠᠭᠰᠠᠭᠠᠷ ᠢᠷᠡᠭᠰᠡᠨ ᠶᠤᠮ᠃ 2022 ᠤᠨ ᠤ 10 ᠰᠠᠷ᠎ᠠ ᠳᠤ ᠲᠤᠰ ᠬᠤᠰᠢᠭᠤᠨ ᠤ ᠪᠠᠶᠠᠠᠬᠤᠸᠠ ᠪᠠᠯᠭᠠᠰᠤᠨ ᠤ ᠲᠠᠩᠰᠤᠭ ᠭᠠᠴᠠᠭᠠᠨ ᠤ ᠮᠠᠯᠴᠢᠨ ᠡᠮᠡᠭᠳᠡᠢ ᠤᠷᠠᠨ᠎ᠠ ᠬᠦᠨᠳᠦ ᠡᠪᠡᠤᠨᠴᠢᠨ ᠳᠤ ᠨᠡᠷᠪᠡᠭᠳᠡᠭᠡᠤᠨ ᠵᠤᠭᠤᠰ ᠮᠦᠩᠭᠦ ᠨᠢ ᠬᠦᠷᠦᠯᠴᠡᠬᠦ ᠦᠭᠡᠢ ᠭᠠᠴᠢᠭᠳᠠᠵᠦ ᠪᠠᠶᠢᠭ᠎ᠠ ᠶᠢ ᠮᠡᠳᠡᠭᠡᠤᠨ ︽ᠬᠦᠳᠡᠭᠡ ᠡᠭᠡᠰᠢᠭ ︾ ᠰᠠᠶᠢᠨ ᠲᠤᠷᠠᠴᠤᠤᠯ ᠤᠨ ᠪᠦᠯᠭᠦᠮ ᠶᠢᠨ ᠬᠡᠰᠢᠭᠦᠦᠨ ᠨᠢ ᠤᠷᠠᠨ᠎ᠠ ᠶᠢ ᠲᠡᠮᠵᠢᠬᠦ ᠠᠵᠢᠯᠯᠠᠭ᠎ᠠ ᠦᠷᠨᠢᠭᠦᠯᠵᠦ᠂ ᠨᠡᠶᠢᠭᠡᠮ ᠨᠡᠶᠢᠳᠡ ᠶᠢᠨ ᠬᠠᠯᠠᠭᠤᠨ ᠰᠡᠤᠨᠬᠢᠯ ᠲᠠᠢ ᠬᠦᠮᠦᠰ ᠲᠠᠢ ᠬᠠᠮᠵᠢᠯᠴᠠᠨ᠂ ᠤᠬᠤᠷᠬᠠᠨ ᠬᠡᠳᠦᠨ ᠡᠳᠦᠷ ᠤᠨ ᠲᠤᠳᠤᠷ᠎ᠠ ᠲᠤᠰ ᠪᠦᠯᠭᠦᠮ ᠤᠨ ᠰᠠᠶᠢᠨ ᠲᠤᠷᠠᠴᠤᠤᠯ ᠠᠴᠠ ᠡᠪᠡᠤᠨᠴᠢᠳᠡᠨ ᠤᠷᠠᠨ᠎ᠠ ᠳᠤ 4000 ᠲᠦᠭᠦᠷᠢᠭ ᠤᠨ ᠬᠠᠨᠳᠢᠪ ᠤᠨ ᠮᠦᠩᠭᠦ ᠬᠤᠷᠠᠮᠳᠠᠭᠤᠯᠵᠤ ᠲᠤᠰᠠᠯᠠᠨ ᠲᠡᠮᠵᠢᠭᠰᠡᠨ ᠪᠠᠶᠢᠳᠠᠭ᠃     ︽ᠬᠦᠳᠡᠭᠡ ᠡᠭᠡᠰᠢᠭ︾ ᠰᠠᠶᠢᠨ ᠲᠤᠷᠠᠴᠤᠤᠯ ᠤᠨ ᠪᠦᠯᠭᠦᠮ ᠨᠢ ᠬᠡᠳᠦᠨ ᠵᠢᠯ ᠤᠨ ᠲᠤᠷᠰᠢ᠂ ᠠᠷᠪᠠ ᠭᠠᠷᠤᠢ ᠤᠳᠠᠭ᠎ᠠ ᠲᠤᠰ ᠰᠤᠮᠤᠨ ᠤ ᠪᠠᠨ ᠡᠯ᠎ᠡ ᠭᠠᠴᠠᠭ᠎ᠠ ᠪᠠᠷ ᠪᠠᠭᠤᠵᠦ᠂ ᠨᠠᠮ ᠤᠨ ᠬᠡᠰᠢᠭᠦᠦᠨ ᠤᠨ ᠲᠤᠭᠳᠠᠮᠠᠯ ᠡᠳᠦᠷ ᠤᠨ ᠠᠵᠢᠯᠯᠭ᠎ᠠ ᠪᠠ ᠵᠢᠯ ᠪᠦᠷᠢ ᠶᠢᠨ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠪᠠᠷ ᠲᠠᠮᠵᠢᠭᠤᠯᠵᠦ᠂ ᠠᠷᠪᠠ ᠭᠠᠷᠤᠢ ᠲᠠᠯᠠᠪᠤᠷ ᠲᠠᠭᠤᠤ ᠤᠷᠠᠯᠢᠭ ᠤᠨ ᠲᠤᠭᠯᠠᠯᠳᠠ ᠭᠠᠷᠭᠠᠵᠦ᠂ ᠮᠠᠯᠴᠢᠤᠨ ᠪᠤᠯᠤᠨ ᠦᠵᠡᠭᠴᠢᠤᠨ ᠲᠦᠮᠡᠨ ᠤ ᠪᠠᠨ ᠬᠠᠯᠠᠭᠤᠨ ᠬᠦᠷᠢᠶᠡᠯᠡᠯ ᠢ ᠤᠯᠵᠦ᠂ ᠮᠠᠯᠴᠢᠤᠨ ᠤᠨ ᠢᠶᠠᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ ᠴᠢᠷᠮᠠᠶᠢᠨ ᠠᠵᠢᠯᠯᠠᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号