ᠪᠠᠷᠠᠭᠤᠨ  ᠦᠵᠦᠮᠦᠴᠢᠨ  ᠬᠤᠰᠢᠭᠤᠨ  ᠤ  ᠵᠡᠮᠳᠡᠭᠴᠦᠳ  ᠤᠨ  ᠬᠤᠯᠪᠣᠭᠠᠲᠤ  ᠬᠤᠷᠠᠯ ᠵᠡᠮᠳᠡᠭᠴᠦᠳ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/5/19
  ᠪᠠᠷᠠᠭᠤᠨ  ᠦᠵᠦᠮᠦᠴᠢᠨ  ᠬᠤᠰᠢᠭᠤᠨ   ᠤ  ᠵᠡᠮᠳᠡᠭᠴᠦᠳ   ᠤᠨ  ᠬᠤᠯᠪᠣᠭᠠᠲᠤ  ᠬᠤᠷᠠᠯ ᠵᠡᠮᠳᠡᠭᠴᠦᠳ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠬᠦ ᠲᠤᠬᠠᠶ ᠮᠡᠳᠡᠭᠳᠡᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ᠤᠨ ᠳᠠᠷᠤᠮᠠᠯᠯᠠᠨ ᠲᠠᠷᠬᠠᠭᠠᠡᠡᠰᠡᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2022—2024 ᠣᠨ︶ ᠤᠨ ᠮᠡᠳᠡᠭᠳᠡᠯ︾ ᠵᠢᠴᠢ ︽ᠰᠢᠯᠢ ᠶᠢᠨ ᠭᠤᠤᠯ ᠠᠶᠢᠮᠠᠭ ᠤᠨ ᠵᠡᠮᠳᠡᠭᠴᠦᠳ ᠤᠨ ᠠᠳᠠᠯ ᠦᠶᠯᠡᠰ ᠴᠣᠭᠴᠠᠯᠠᠨ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2022 — 2024 ᠣᠨ︶︾ ᠤᠨ  ᠱᠠᠭᠠᠷᠳᠠᠯᠭ᠎ᠠ  ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠠᠷᠠᠭᠤᠨ ᠦᠵᠦᠮᠦᠴᠢᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠵᠤ᠂ ᠤᠷᠤᠯᠭ᠎ᠠ  ᠶᠢ ᠨᠡᠮᠡᠭᠳᠡᠬᠦᠯᠦᠨ᠂ ᠥᠪᠡᠷ ᠤᠨ ᠬᠡᠪ ᠴᠢᠨᠠᠷ ᠢᠶᠠᠨ ᠳᠡᠭᠡᠭᠰᠢᠯᠡᠭᠦᠯᠬᠦ᠂ ᠠᠮᠢᠳᠤᠷᠠᠯ ᠤᠨ ᠲᠦᠪᠰᠢᠨ ᠢᠶᠠᠨ ᠰᠠᠶᠢᠵᠢᠷᠠᠭᠤᠯᠬᠤ᠂ ᠨᠡᠶᠢᠭᠡᠮ ᠲᠡᠬᠡᠷ᠎ᠡ ᠪᠡᠶ᠎ᠡ ᠪᠠᠨ ᠳᠠᠭᠠᠭᠠᠬᠤ ᠴᠢᠳᠠᠪᠤᠷᠢ ᠶᠢ  ᠳᠡᠭᠡᠭᠰᠢᠯᠡᠬᠦᠯᠬᠦ ᠶᠢᠨ ᠲᠤᠰᠠᠳᠠ᠂ ᠮᠠᠨ ᠤ ᠬᠤᠰᠢᠭᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂  ᠵᠡᠮᠳᠡᠭ ᠬᠦᠮᠦᠰ ᠤᠨ ᠳᠤᠮᠳᠠᠳᠤ ᠮᠠᠶ᠋ᠢᠭ ᠤᠨ ᠭᠤᠯᠢᠷ ᠤᠨ ᠢᠳᠡᠭᠡᠨ ᠤ ᠪᠣᠯᠪᠠᠰᠤᠷᠠᠯ ᠤᠨ ᠠᠩᠭᠢ ᠶᠢ ᠡᠷᠬᠢᠯᠡᠬᠦ ᠪᠠᠷ ᠲᠣᠭᠲᠠᠪᠠ  ᠃   ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄  ᠨᠢᠭᠡ ᠂ ᠪᠤᠯᠪᠠᠰᠤᠷᠠᠯ ᠳᠤ ᠤᠷᠤᠯᠴᠠᠬᠤ ᠬᠦᠮᠦᠰ᠄  ᠡᠷᠡᠭᠲᠡᠶ᠄ 18 — 59 ᠪᠦᠬᠦᠯᠢ ᠨᠠᠰᠤ᠂ ᠡᠮᠡᠭᠲᠡᠶ᠄ 18 — 55 ᠪᠦᠬᠦᠯᠢ  ᠨᠠᠰᠤᠨ ᠤ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ᠂  ᠵᠡᠮᠳᠡᠭ ᠤᠨ ᠦᠨᠡᠮᠯᠡᠯ ᠲᠠᠢ ᠬᠦᠮᠦᠰ ᠨᠡᠶᠢᠲᠡ 30 ᠨᠡᠷ᠎ᠡ ᠪᠤᠯᠪᠠᠰᠤᠷᠠᠭᠤᠯᠤᠨ᠎ᠠ᠃ ᠢᠳᠡᠵᠦ ᠬᠤᠨᠤᠬᠤ ᠰᠦᠢᠳᠬᠡᠯ ᠢ ᠬᠤᠰᠢᠭᠤ ᠵᠡᠮᠳᠡᠭᠴᠦᠳ ᠤᠨ ᠬᠤᠯᠪᠤᠭᠠᠲᠤ ᠬᠤᠷᠠᠯ ᠠᠴᠠ ᠨᠢᠭᠡᠳᠦᠯᠲᠡᠢ ᠬᠠᠷᠢᠭᠤᠴᠠᠨ᠎ᠠ᠃   ᠬᠤᠶᠠᠷ᠂  ᠪᠤᠯᠪᠠᠰᠤᠷᠠᠯ ᠤᠨ ᠠᠭᠤᠯᠭ᠎ᠠ᠄ ᠳᠤᠮᠳᠠᠳᠤ ᠮᠠᠶ᠋ᠢᠭ ᠤᠨ ᠭᠤᠯᠢᠷ ᠤᠨ ᠢᠳᠡᠭᠡᠨ ᠤ ᠮᠡᠷᠭᠡᠵᠢᠯ᠃   ᠭᠤᠷᠪᠠ᠂ ᠪᠤᠯᠪᠠᠰᠤᠷᠠᠯ ᠤᠨ ᠴᠠᠭ᠄ 5 ᠰᠠᠷ᠎ᠠ ᠶᠢᠨ 22 ᠤᠨ ᠡᠳᠦᠷ ᠠᠴᠠ 5 ᠰᠠᠷ᠎ᠠ ᠶᠢᠨ 26 ᠤ ᠡᠳᠦᠷ ᠪᠣᠯᠲᠠᠯ᠎ᠠ ᠨᠡᠶᠢᠲᠡ 5 ᠡᠳᠦᠷ  ᠃   ᠳᠥᠷᠪᠡ᠂ ᠨᠡᠷ᠎ᠡ ᠮᠡᠳᠡᠭᠦᠯᠬᠦ ᠴᠠᠭ᠄ 5 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 18 ᠤ ᠡᠳᠦᠷ ᠪᠣᠯᠲᠠᠯ᠎ᠠ  ᠃      ᠲᠠᠪᠤ᠂ ᠨᠡᠷ᠎ᠡ ᠮᠡᠳᠡᠭᠦᠯᠬᠦ ᠭᠠᠵᠠᠷ᠄ ᠠᠳᠠᠯ ᠦᠶᠯᠡᠰ ᠴᠣᠭᠴᠠᠯᠠᠬᠤ ᠲᠣᠮᠣ ᠠᠰᠠᠷ ᠤᠨ ᠭᠤᠷᠪᠠᠳᠤᠭᠠᠷ ᠳᠠᠪᠬᠤᠷᠭ᠎ᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ 309 ᠥᠷᠥᠭᠡ  ᠃ ᠬᠠᠷᠢᠯᠴᠠᠬᠤ ᠬᠥᠮᠦᠨ᠄ ᠶᠠᠩ ᠰᠢᠶᠤᠤ ᠶᠦᠨ                    ᠬᠠᠷᠢᠯᠴᠠᠬᠤ  ᠤᠳᠠᠰᠤ᠄ 0479 — 3916892    13674897365                                                                                                         ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ                       2023 ᠣᠨ ᠤ 5 ᠰᠠᠷ᠎ᠠ ᠶᠢᠨ 15 ᠤ ᠡᠳᠦᠷ  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号