ᠬᠢᠴᠢᠶᠡ︕ ᠡᠶᠢᠮᠦ ᠬᠤᠶᠠᠷ ᠬᠡᠮᠵᠢᠯᠲᠦ ᠲᠡᠮᠳᠡᠭ ᠢ ᠪᠢᠲᠡᠭᠡᠢ ᠰᠢᠷᠪᠢᠭᠡᠷᠡᠢ︕
ᠨᠡᠶᠢᠲᠡᠯᠡᠭᠰᠡᠨ ᠴᠠᠭ᠄
2023/5/22
        ᠬᠢᠴᠢᠶᠡ︕ ᠡᠶᠢᠮᠦ ᠬᠤᠶᠠᠷ ᠬᠡᠮᠵᠢᠯᠲᠦ ᠲᠡᠮᠳᠡᠭ ᠢ ᠪᠢᠲᠡᠭᠡᠢ ᠰᠢᠷᠪᠢᠭᠡᠷᠡᠢ︕       ᠣᠶᠢᠷ᠎ᠠ ᠳᠤ᠂ ᠴᠥᠭᠡᠨ ᠪᠤᠰᠤ ᠬᠤᠲᠠ ᠶᠢᠨ ᠠᠷᠠᠳ ᠨᠢᠭᠡᠨ ᠬᠤᠶᠠᠷ ᠬᠡᠮᠵᠢᠯᠲᠦ ᠲᠡᠮᠳᠡᠭ ᠲᠠᠢ ᠲᠠᠨᠢᠯ ᠪᠤᠰᠤ ᠲᠦᠷᠭᠡᠨ ᠬᠦᠷᠭᠡᠯᠲᠡ ᠶᠢ ᠣᠯᠪᠠ᠂ ᠵᠠᠷᠢᠮ ᠨᠢ ᠴᠣᠮᠣ ᠪᠠᠶᠢᠵᠤ᠂ ᠵᠠᠷᠢᠮ ᠨᠢ ᠤᠬᠠᠭᠤᠯᠭ᠎ᠠ ᠶᠢᠨ ᠬᠠᠭᠤᠳᠠᠰᠤ ᠪᠠᠶᠢᠯ᠎ᠠ ᠭᠡᠵᠦ ᠲᠤᠰᠬᠠᠪᠠ᠃ ᠡᠭᠦᠨ ᠤ ᠬᠠᠮᠲᠤ ᠶᠢᠨ ᠣᠨᠴᠠᠯᠢᠭ ᠭᠡᠪᠡᠯ ᠪᠣᠭᠤᠳᠠᠯ ᠳᠡᠭᠡᠷ᠎ᠡ ᠨᠢ ᠪᠦᠷ ᠬᠤᠶᠠᠷ ᠬᠡᠮᠵᠢᠯᠲᠦ ᠲᠡᠮᠳᠡᠭ ᠳᠠᠷᠤᠮᠠᠯᠯᠠᠭᠰᠠᠨ ᠪᠠᠶᠢᠪᠠ᠃ ᠡᠨᠡ ᠪᠣᠯ ᠨᠢᠭᠡᠨ ᠮᠠᠰᠢ ᠬᠥᠮᠥᠨ ᠢ ᠲᠥᠭᠡᠷᠢᠭᠳᠡᠭᠦᠯᠬᠦ ᠴᠢᠨᠠᠷᠲᠠᠢ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠪᠠᠷᠢᠯ ᠮᠥᠨ᠃           ᠤᠤᠯ ᠨᠢ ᠮᠡᠬᠡᠯᠡᠭᠴᠢ ᠬᠠᠤᠯᠢ ᠪᠤᠰᠤ ᠠᠷᠭ᠎ᠠ ᠵᠠᠮ ᠢᠶᠠᠷ ᠣᠯᠠᠨ ᠬᠥᠮᠥᠨ ᠤ ᠪᠡᠶ᠎ᠡ ᠬᠡᠮ ᠤᠨ ᠮᠡᠳᠡᠭᠡ ᠵᠠᠩᠭᠢ᠂ ᠵᠢᠱᠢᠶᠡᠯᠡᠪᠡᠯ ᠣᠪᠣᠭ ᠨᠡᠷ᠎ᠡ᠂ ᠭᠠᠷ ᠤᠲᠠᠰᠤᠨ ᠤ ᠨᠣᠮᠧᠷ᠂ ᠪᠠᠷᠠᠭ᠎ᠠ ᠲᠣᠰᠬᠤ ᠬᠠᠶ᠋ᠢᠭ ᠵᠡᠷᠭᠡ ᠶᠢ ᠣᠯᠣᠭᠠᠳ ᠬᠤᠶᠠᠷ ᠬᠡᠮᠵᠢᠯᠲᠦ ᠲᠡᠮᠳᠡᠭ ᠲᠠᠢ ᠲᠦᠷᠭᠡᠨ ᠬᠦᠷᠭᠡᠯᠲᠡ ᠶᠢ ᠰᠢᠤᠳᠠᠨ ᠢᠶᠠᠷ ᠢᠯᠡᠭᠡᠳᠡᠭ ᠪᠠᠶᠢᠨ᠎ᠠ᠃          ᠵᠠᠷᠢᠮ ᠮᠡᠬᠡᠯᠡᠭᠴᠢ ᠪᠠᠰᠠ ᠡᠯᠧᠺᠲᠷᠣᠨ ᠬᠤᠳᠠᠯᠳᠤᠭᠠᠨ ᠤ ᠲᠠᠪᠴᠠᠩ ᠤᠨ ᠵᠣᠴᠢᠳ ᠤᠨ ᠦᠢᠯᠡᠴᠢᠯᠡᠭᠡ ᠶᠢᠨ ᠨᠡᠷ᠎ᠡ ᠪᠠᠷ ᠣᠪᠯᠠᠵᠤ᠂ ᠪᠠᠰᠠ ᠨᠢᠭᠡ ᠤᠭᠤᠲᠠ ᠪᠤᠳᠠᠭ᠎ᠠ᠂ ᠨᠢᠭᠡ ᠬᠠᠶᠢᠷᠴᠠᠭ ᠵᠢᠮᠢᠰ ᠪᠤᠶᠤ ᠬᠤᠪᠴᠠᠰᠤ ᠤᠬᠢᠶᠠᠬᠤ ᠰᠢᠩᠭᠡᠨ ᠵᠡᠷᠭᠡ ᠬᠡᠷᠡᠭᠰᠡᠯ ᠬᠦᠷᠭᠡᠵᠦ᠂ ᠵᠠᠷᠢᠮ ᠬᠤᠲᠠ ᠶᠢᠨ ᠠᠷᠠᠳ ᠤᠨ ᠰᠡᠵᠢᠭᠯᠡᠰᠢ ᠦᠭᠡᠢ ᠪᠠᠲᠤ ᠢᠲᠡᠭᠡᠯ ᠢ ᠣᠯᠳᠠᠭ᠃          ᠲᠥᠯᠥᠪᠦᠷᠢ ᠦᠭᠡᠢ ᠪᠡᠯᠡᠭ ᠢ ᠣᠯᠣᠭᠰᠠᠨ ᠤ ᠳᠠᠷᠠᠭ᠎ᠠ᠂ ᠵᠠᠷᠢᠮ ᠬᠥᠮᠥᠨ ᠡᠭᠦᠨ ᠢ ᠬᠤᠳᠠᠯᠳᠤᠭᠠᠨ ᠤ ᠲᠠᠪᠴᠠᠩ ᠤᠨ ᠵᠣᠴᠢᠳ ᠤᠨ ᠦᠢᠯᠡᠴᠢᠯᠡᠭᠡ ᠶᠢᠨ   ᠬᠢᠨ ᠤ ᠬᠦᠷᠭᠡᠭᠰᠡᠨ ᠠᠰᠠᠷᠠᠮᠵᠢ ᠭᠡᠵᠦ ᠦᠵᠡᠭᠡᠳ᠂ ᠶᠠᠭᠤ ᠴᠤ ᠪᠤᠳᠤᠬᠤ ᠦᠭᠡᠢ ᠪᠠᠷ ᠨᠥᠭᠦᠭᠡ ᠡᠲᠡᠭᠡᠳ ᠤᠨ ᠢᠶᠠᠨ ᠬᠠᠩᠭᠠᠭᠰᠠᠨ ᠬᠤᠶᠠᠷ ᠬᠡᠮᠵᠢᠯᠲᠦ ᠲᠡᠮᠳᠡᠭ ᠢ ᠰᠢᠷᠪᠢᠵᠦ ᠮᠡᠬᠡᠯᠡᠭᠴᠢ ᠶᠢᠨ ᠨᠡᠭᠡᠭᠡᠭᠰᠡᠨ ᠵᠣᠭᠤᠭ ᠤᠨ ᠬᠤᠯᠪᠣᠭᠠᠨ ᠳᠤ ᠣᠷᠣᠳᠠᠭ᠃           ᠵᠣᠭᠤᠭ ᠤᠨ ᠬᠤᠯᠪᠣᠭᠠᠨ ᠳᠤ ᠣᠷᠣᠭᠰᠠᠨ ᠤ ᠳᠠᠷᠠᠭ᠎ᠠ᠂ ᠮᠡᠬᠡᠯᠡᠭᠴᠢ ᠨᠢ ᠬᠤᠯᠪᠣᠭᠠᠨ ᠳᠣᠲᠣᠷ᠎ᠠ ᠪᠠᠨ ᠵᠠᠬᠢᠶᠠᠯᠠᠭ᠎ᠠ ᠶᠢᠨ ᠬᠠᠭᠤᠳᠠᠰᠤ ᠰᠢᠷᠪᠢᠬᠦ ᠡᠭᠦᠷᠭᠡ ᠥᠭᠴᠦ᠂ ᠪᠡᠶᠡᠯᠡᠭᠦᠯᠪᠡᠯ ᠳᠠᠷᠤᠢ ᠤᠯᠠᠭᠠᠨ ᠪᠠᠭᠯᠠᠭ᠎ᠠ ᠲᠠᠷᠬᠠᠭᠠᠨ ᠥᠭᠴᠦ᠂ ᠬᠥᠮᠥᠰ ᠲᠤ ᠪᠠᠭ᠎ᠠ ᠰᠠᠭ᠎ᠠ ᠪᠠᠶᠠᠰᠤᠯ ᠬᠦᠷᠲᠡᠭᠡᠭᠡᠳ ᠬᠥᠮᠥᠰ ᠰᠡᠷᠭᠡᠶᠢᠯᠡᠬᠦ ᠪᠤᠳᠤᠯ ᠢᠶᠠᠨ ᠪᠦᠷᠢᠮᠦᠰᠦᠨ ᠲᠠᠶᠠᠭᠳᠠᠭᠰᠠᠨ ᠤ ᠬᠤᠶᠢᠨ᠎ᠠ᠂ ᠵᠥᠭᠡᠯᠡᠨ ᠲᠣᠨᠤᠭ ᠪᠠᠭᠤᠯᠭᠠᠬᠤ᠂ ᠵᠣᠭᠤᠰ ᠨᠡᠮᠡᠵᠦ ᠣᠷᠣᠯᠠᠨ ᠲᠥᠯᠥᠬᠦ ᠪᠠᠷ ᠤᠷᠮᠠᠰᠢᠭᠤᠯᠤᠨ ᠲᠠᠲᠠᠵᠤ᠂ ᠲᠡᠳᠡᠨ ᠢᠶᠠᠷ ᠬᠥᠯᠥᠰᠦᠨ ᠮᠥᠩᠭᠦ ᠨᠢ ᠨᠠᠩ ᠥᠨᠳᠥᠷ ᠲᠤᠰᠢᠶᠠᠯ ᠬᠠᠪᠰᠤᠷᠭᠠᠬᠤ ᠡᠭᠦᠷᠭᠡ ᠶᠢ ᠪᠡᠶᠡᠯᠡᠭᠦᠯᠦᠬᠦᠯᠳᠡᠭ᠃        ᠬᠡᠷᠪᠡ ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠬᠦ ᠳᠤ ᠭᠦᠷᠪᠡᠯ᠂ ᠥᠪᠡᠷ ᠤᠨ ᠴᠢᠨᠢ ᠡᠬᠡ ᠮᠥᠩᠭᠦ ᠪᠠ ᠬᠥᠯᠥᠰᠦᠨ ᠮᠥᠩᠭᠦ ᠪᠦᠷ ᠭᠠᠷᠭᠠᠵᠤ ᠠᠪᠬᠤ ᠶᠢᠨ ᠠᠷᠭ᠎ᠠ ᠦᠭᠡᠢ ᠪᠤᠯᠳᠠᠭ᠂ ᠡᠨᠡ ᠦᠶ᠎ᠡ ᠳᠤ ᠮᠡᠬᠡᠯᠡᠭᠴᠢ ᠳᠠᠷᠤᠢ ︽ᠰᠢᠰᠲ᠋ᠧᠮ ᠲᠦᠭᠵᠢᠷᠡᠯ ᠲᠠᠢ ᠪᠣᠯᠤᠭᠰᠠᠨ︾᠂ ︽ᠡᠭᠦᠷᠭᠡ ᠴᠠᠭ ᠠᠴᠠ ᠪᠠᠨ ᠬᠡᠲᠦᠷᠡᠭᠰᠡᠨ︾᠂ ︽ᠠᠵᠢᠯᠯᠠᠭᠠᠨ ᠤ ᠠᠯᠳᠠᠰᠢ ᠭᠠᠷᠤᠭᠰᠠᠨ︾ ᠭᠡᠬᠦ ᠮᠡᠲᠦ ᠶᠢᠨ ᠰᠢᠯᠲᠠᠭ ᠬᠡᠯᠡᠵᠦ ᠦᠷᠭᠦᠯᠵᠢᠯᠡᠨ ᠵᠣᠭᠤᠰ ᠨᠡᠮᠡᠵᠦ ᠣᠷᠣᠯᠠᠨ ᠲᠥᠯᠥᠬᠦ ᠶᠢ ᠱᠠᠭᠠᠷᠳᠠᠳᠠᠭ᠃          ᠦᠨᠡᠨ ᠳᠡᠭᠡᠨ᠂ ᠡᠨᠡ ᠪᠣᠯ ᠪᠦᠷ ᠮᠡᠬᠡᠯᠡᠭᠴᠢ ᠶᠢᠨ ᠶᠠᠷᠢᠶᠠᠲᠤ ᠵᠦᠴᠦᠭᠡ ᠶᠢᠨ ᠵᠣᠬᠢᠶᠠᠯ ᠪᠣᠯᠬᠤᠷ ᠮᠡᠬᠡᠯᠡᠭᠳᠡᠭᠴᠢ ᠥᠪᠡᠷ ᠤᠨ ᠡᠬᠡ ᠮᠥᠩᠭᠦ ᠪᠣᠯᠣᠨ ᠬᠥᠯᠥᠰᠦᠨ ᠮᠥᠩᠭᠦ ᠪᠠᠨ ᠭᠠᠷᠭᠠᠨ ᠠᠪᠬᠤ ᠶᠢᠨ ᠠᠷᠭ᠎ᠠ ᠦᠭᠡᠢ ᠶᠤᠮ᠃  
 
ᠢᠷᠡᠯᠲᠡ᠄ ᠬᠦᠯᠦᠨ ᠪᠤᠢᠷ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号