ᠪᠠᠶᠢᠨ ᠲᠠᠬᠢᠨ ᠪᠤᠴᠠᠯᠭᠠᠭᠰᠠᠨ ᠤᠰᠤ᠂ ᠬᠤᠨᠤᠭ ᠥᠨᠵᠢᠭᠰᠡᠨ ᠤᠰᠤ ᠶᠢ ᠤᠤᠭᠤᠵᠤ ᠪᠣᠯᠬᠤ ᠦᠭᠡᠢ ᠤᠤ︖ ᠳᠣᠣᠷᠠᠬᠢ ᠶᠢ ᠦᠵᠡᠪᠡᠯ ᠮᠡᠳᠡᠴᠢᠬᠡᠨ᠎ᠡ
ᠨᠡᠶᠢᠲᠡᠯᠡᠭᠰᠡᠨ ᠴᠠᠭ᠄
2023/5/22
ᠪᠠᠶᠢᠨ ᠲᠠᠬᠢᠨ ᠪᠤᠴᠠᠯᠭᠠᠭᠰᠠᠨ ᠤᠰᠤ᠂ ᠬᠤᠨᠤᠭ ᠥᠨᠵᠢᠭᠰᠡᠨ ᠤᠰᠤ ᠶᠢ ᠤᠤᠭᠤᠵᠤ ᠪᠣᠯᠬᠤ ᠦᠭᠡᠢ ᠤᠤ︖ ᠳᠣᠣᠷᠠᠬᠢ ᠶᠢ ᠦᠵᠡᠪᠡᠯ ᠮᠡᠳᠡᠴᠢᠬᠡᠨ᠎ᠡ       ᠪᠠᠶᠢᠨ ᠲᠠᠬᠢᠨ ᠪᠤᠴᠠᠯᠭᠠᠭᠰᠠᠨ ᠤᠰᠤ᠂ ᠬᠤᠨᠤᠭ ᠥᠨᠵᠢᠭᠰᠡᠨ ᠤᠰᠤ ᠶᠢ ᠴᠣᠬᠤᠮ ᠤᠤᠭᠤᠵᠤ ᠪᠤᠯᠬᠤ ᠶᠤᠮ ᠤᠤ ᠦᠭᠡᠢ ᠤᠤ ᠭᠡᠳᠡᠭ ᠢ ᠬᠠᠮᠲᠤ ᠪᠠᠷ ᠦᠵᠡᠵᠡᠭᠡᠶ᠎ᠡ          ᠪᠢᠳᠡ ᠦᠷᠭᠦᠯᠵᠢ ︽ᠪᠠᠶᠢᠨ ᠲᠠᠬᠢᠨ ᠪᠤᠴᠠᠯᠭᠠᠭᠰᠠᠨ ᠤᠰᠤ᠂ ᠬᠤᠨᠤᠭ ᠥᠨᠵᠢᠭᠰᠡᠨ ᠤᠰᠤ ᠶᠢ ᠶᠠᠭᠠᠬᠢᠭᠰᠠᠨ ᠴᠤ ᠤᠤᠭᠤᠵᠤ ᠪᠣᠯᠬᠤ ᠦᠭᠡᠢ᠂ ᠤᠴᠢᠷ ᠨᠢ ᠳᠤᠲᠠᠭᠤ ᠠᠽᠣᠲ ᠬᠦᠴᠢᠯ ᠤᠨ ᠳᠠᠪᠤᠰᠤᠨ ᠤ ᠠᠭᠤᠯᠤᠭᠳᠠᠴᠠ ᠶᠡᠬᠡᠲᠡᠢ᠂ ᠦᠷᠭᠦᠯᠵᠢ ᠡᠶᠢᠮᠦ ᠤᠰᠤ ᠶᠢ ᠤᠤᠭᠤᠪᠠᠯ ᠬᠤᠣᠷᠳᠠᠭᠳᠠᠬᠤ ᠴᠢᠨᠠᠭᠰᠢᠯᠠᠪᠠᠯ ᠥᠮᠡᠨ ᠡᠪᠡᠳᠴᠢᠨ ᠣᠯᠣᠨ᠎ᠠ︾ ᠭᠡᠵᠦ ᠬᠡᠯᠡᠬᠦ ᠶᠢ ᠣᠯᠵᠤ ᠰᠣᠨᠣᠰᠳᠠᠭ᠃           ᠲᠤᠷᠰᠢᠯᠲᠠ ᠶᠢᠨ ᠠᠵᠢᠯᠲᠠᠨ ᠲᠤᠰᠬᠠᠶᠢᠯᠠᠨ ᠨᠢᠭᠡᠨ ᠲᠤᠷᠰᠢᠯᠲᠠ ᠬᠢᠪᠡ᠂ ᠲᠡᠳᠡ ᠵᠢᠪᠡᠷᠡᠬᠦ ᠦᠭᠡᠢ ᠪᠣᠯᠣᠳ ᠤᠨ ᠴᠠᠬᠢᠯᠭᠠᠨ ᠬᠠᠯᠠᠭᠠᠭᠤᠷ ᠳᠡᠪᠦᠷ᠎ᠡ ᠪᠠᠷ ᠲᠦᠭᠡᠭᠡᠯ ᠤᠰᠤ ᠶᠢ ᠬᠠᠯᠠᠭᠠᠵᠤ᠂ ᠲᠤᠰ ᠲᠤᠰ ᠨᠢᠭᠡ ᠤᠳᠠᠭ᠎ᠠ᠂ 5 ᠤᠳᠠᠭ᠎ᠠ᠂ 10 ᠤᠳᠠᠭ᠎ᠠ ᠪᠤᠴᠠᠯᠭᠠᠭᠰᠠᠨ ᠤ ᠳᠠᠷᠠᠭ᠎ᠠ ᠴᠣᠮᠣ ᠳᠣᠲᠣᠷ᠎ᠠ ᠬᠢᠵᠦ ᠠᠶᠠᠨᠳᠠᠭᠠᠨ ᠬᠥᠷᠥᠭᠡᠵᠦ᠂ 0 ᠴᠠᠭ᠂ 24 ᠴᠠᠭ᠂ 48 ᠴᠠᠭ ᠲᠠᠯᠪᠢᠭᠰᠠᠨ ᠤ ᠬᠤᠶᠢᠨ᠎ᠠ ᠤᠰᠤᠨ ᠳᠣᠲᠣᠷᠠᠬᠢ ᠳᠤᠲᠠᠭᠤ ᠠᠽᠣᠲ ᠬᠦᠴᠢᠯ ᠤᠨ ᠳᠠᠪᠤᠰᠤᠨ ᠤ ᠠᠭᠤᠯᠤᠭᠳᠠᠴᠠ ᠶᠢ ᠲᠤᠰ ᠲᠤᠰ ᠰᠢᠯᠭᠠᠨ ᠪᠠᠶᠢᠴᠠᠭᠠᠵᠠᠢ᠃           ᠲᠤᠷᠰᠢᠯᠲᠠ ᠠᠴᠠ᠂ ᠬᠠᠯᠠᠭᠠᠵᠤ ᠪᠤᠴᠠᠯᠭᠠᠬᠤ ᠶᠢ ᠳᠠᠭᠠᠯᠳᠤᠨ᠂ ᠤᠰᠤᠨ ᠳᠣᠲᠣᠷᠠᠬᠢ ᠳᠤᠲᠠᠭᠤ ᠠᠽᠣᠲ ᠬᠦᠴᠢᠯ ᠤᠨ ᠳᠠᠪᠤᠰᠤᠨ ᠤ ᠠᠭᠤᠯᠤᠭᠳᠠᠴᠠ ᠵᠢᠭᠠᠬᠠᠨ ᠨᠡᠮᠡᠭᠳᠡᠬᠦ ᠬᠠᠨᠳᠤᠰᠢ ᠲᠠᠢ ᠪᠠᠶᠢᠭᠰᠠᠨ ᠪᠤᠯᠪᠠᠴᠤ 48 ᠴᠠᠭ ᠲᠠᠯᠪᠢᠭᠰᠠᠨ ᠤ ᠳᠠᠷᠠᠭ᠎ᠠ ᠳᠤᠲᠠᠭᠤ ᠠᠽᠣᠲ ᠬᠦᠴᠢᠯ ᠤᠨ ᠳᠠᠪᠤᠰᠤᠨ ᠤ ᠠᠭᠤᠯᠤᠭᠳᠠᠴᠠ ᠬᠠᠮᠤᠭ ᠤᠨ ᠥᠨᠳᠥᠷ ᠲᠡᠭᠡᠨ 0 014 mg / L ᠪᠠᠶᠢᠬᠤ ᠶᠢ ᠣᠯᠵᠤ ᠮᠡᠳᠡᠪᠡ᠂ ᠭᠡᠲᠡᠯ᠎ᠡ ᠡᠨᠡ ᠨᠢ ᠮᠠᠨ ᠤ ᠤᠯᠤᠰ ᠤᠨ ᠤᠯᠤᠰ ᠤᠨ ᠪᠠᠷᠢᠮᠵᠢᠶᠠᠲᠤ ᠠᠮᠢᠳᠤᠷᠠᠯ ᠤᠨ ᠤᠤᠭᠤᠬᠤ ᠤᠰᠤᠨ ᠤ ᠳᠣᠲᠣᠷᠠᠬᠢ 1 mg / L ᠳᠤᠲᠠᠭᠤ ᠠᠽᠣᠲ ᠬᠦᠴᠢᠯ ᠤᠨ ᠳᠠᠪᠤᠰᠤᠨ ᠤ ᠯᠠᠪᠯᠠᠯᠲᠠ ᠶᠢᠨ ᠭᠦᠢᠴᠡᠳᠬᠡᠯ ᠲᠤᠭ᠎ᠠ ᠶᠢᠨ ᠬᠢᠵᠠᠭᠠᠷ ᠬᠡᠮᠵᠢᠭᠳᠡᠯ ᠠᠴᠠ ᠪᠠᠰᠠ ᠮᠠᠰᠢ ᠬᠤᠯᠠ ᠪᠠᠶᠢᠭᠰᠠᠭᠠᠷ᠂ ᠡᠶᠢᠮᠦ ᠠᠴᠠ ᠡᠨᠡ ᠲᠠᠯ᠎ᠠ ᠠᠴᠠ ᠠᠪᠴᠤ ᠬᠡᠯᠡᠪᠡᠯ᠂ ︽ᠪᠠᠶᠢᠨ ᠲᠠᠬᠢᠨ ᠪᠤᠴᠠᠯᠭᠠᠭᠰᠠᠨ ᠤᠰᠤ︾᠂ ︽ᠬᠤᠨᠤᠭ ᠥᠨᠵᠢᠭᠰᠡᠨ ᠤᠰᠤ︾ ᠭᠡᠳᠡᠭ ᠢ ᠰᠠᠨᠠᠭ᠎ᠠ ᠠᠮᠤᠷ ᠤᠤᠭᠤᠵᠤ ᠪᠣᠯᠣᠨ᠎ᠠ᠃            ᠡᠳᠦᠷ ᠲᠤ 8 ᠴᠣᠮᠣ ᠤᠰᠤ ᠤᠤᠭᠤᠵᠤ ᠪᠠᠶᠢᠨ᠎ᠠ ᠤᠤ︖ ᠲᠠ ᠪᠠᠷᠤᠭ ᠪᠤᠷᠤᠭᠤ ᠤᠤᠭᠤᠵᠤ ᠪᠠᠶᠢᠵᠤ ᠮᠠᠭᠠᠳ ᠦᠭᠡᠢ︕            ᠵᠠᠷᠢᠮ ᠰᠤᠳᠤᠯᠭᠠᠨ ᠤ ᠢᠯᠡᠷᠡᠭᠦᠯᠦᠭᠰᠡᠨ ᠢᠶᠠᠷ᠂ ᠡᠳᠦᠷ ᠪᠦᠷᠢ 8 ᠴᠣᠮᠣ ᠤᠰᠤ ︵ᠪᠠᠷᠤᠭ 2 ᠯᠢᠲᠷ︶ ᠤᠤᠭᠤᠬᠤ ᠶᠢ ᠲᠠᠨᠢᠯᠴᠠᠭᠤᠯᠤᠭᠰᠠᠨ ᠬᠡᠮᠵᠢᠶ᠎ᠡ ᠨᠢ ᠣᠯᠠᠩᠬᠢ ᠬᠥᠮᠥᠨ ᠳᠤ ᠠᠪᠴᠤ ᠬᠡᠯᠡᠪᠡᠯ ᠬᠡᠲᠦ ᠥᠨᠳᠥᠷ᠂ ᠣᠯᠠᠩᠬᠢ ᠬᠥᠮᠥᠨ ᠤ ᠵᠢᠩᠬᠢᠨᠢ ᠤᠰᠤ ᠬᠡᠷᠡᠭᠰᠡᠬᠦ ᠬᠡᠮᠵᠢᠶ᠎ᠡ ᠠᠴᠠ ᠳᠠᠪᠠᠭᠰᠠᠨ ᠪᠠᠶᠢᠵᠤ ᠮᠡᠳᠡᠨ᠎ᠡ᠃ ᠲᠡᠷᠡᠴᠢᠯᠡᠨ ᠠᠳᠠᠯᠢ ᠪᠤᠰᠤ ᠨᠠᠰᠤᠨ ᠤ ᠬᠥᠮᠥᠨ᠂ ᠠᠳᠠᠯᠢ ᠪᠤᠰᠤ ᠬᠦᠢᠰᠦ ᠪᠦᠬᠦᠢ ᠬᠥᠮᠥᠨ᠂ ᠠᠳᠠᠯᠢ ᠪᠤᠰᠤ ᠭᠠᠵᠠᠷ ᠣᠷᠣᠨ ᠤ ᠬᠥᠮᠥᠨ ᠤ ᠬᠡᠷᠡᠭᠰᠡᠬᠦ ᠤᠰᠤᠨ ᠤ ᠬᠡᠮᠵᠢᠶ᠎ᠡ ᠨᠢ ᠪᠠᠰᠠ ᠠᠳᠠᠯᠢ ᠪᠤᠰᠤ ᠶᠤᠮ᠃           ᠲᠠᠨ ᠤ ᠪᠠᠷᠢᠮᠲᠠᠯᠠᠭᠰᠠᠭᠠᠷ ᠢᠷᠡᠭᠰᠡᠨ ᠤᠰᠤ ᠤᠤᠭᠤᠬᠤ ᠵᠠᠷᠴᠢᠮ ᠴᠢᠨᠢ ᠪᠤᠷᠤᠭᠤ ᠪᠠᠶᠢᠵᠤ ᠮᠠᠭᠠᠳ ᠦᠭᠡᠢ︕          1. ᠪᠠᠶᠢᠨ ᠲᠠᠬᠢᠨ ᠪᠤᠴᠠᠯᠭᠠᠭᠰᠠᠨ ᠤᠰᠤ᠂ ᠬᠤᠨᠤᠭ ᠥᠨᠵᠢᠭᠰᠡᠨ ᠤᠰᠤ ᠶᠢ ᠤᠤᠭᠤᠵᠤ ᠪᠣᠯᠬᠤ ᠦᠭᠡᠢ ᠭᠡᠳᠡᠭ  ᠨᠢ - ᠪᠤᠷᠤᠭᠤ        2. ᠬᠠᠨᠢᠶᠠᠳᠤ ᠲᠠᠭᠰᠢᠭᠤᠷ ᠬᠦᠷᠦᠭᠰᠡᠨ ᠤ ᠳᠠᠷᠠᠭ᠎ᠠ ᠶᠡᠭᠡ ᠬᠡᠮᠵᠢᠶᠡᠨ ᠤ ᠤᠰᠤ ᠤᠤᠭᠤᠪᠠᠯ ᠰᠠᠶᠢᠨ ᠪᠣᠯᠬᠤ ᠨᠢ ᠬᠤᠷᠳᠤᠨ ᠭᠡᠳᠡᠭ ᠨᠢ - ᠪᠤᠷᠤᠭᠤ        3. ᠰᠤᠯᠠᠪᠲᠤᠷ ᠱᠦᠯᠲᠦᠯᠢᠭ ᠤᠰᠤ ᠤᠤᠭᠤᠪᠠᠯ ᠨᠡᠩ ᠡᠷᠡᠭᠦᠯ ᠮᠡᠨᠳᠦ ᠪᠤᠯᠳᠠᠭ ᠭᠡᠳᠡᠭ ᠨᠢ - ᠪᠤᠷᠤᠭᠤ        4. ᠬᠤᠭᠤᠯᠠᠨ ᠠᠴᠠ ᠡᠮᠦᠨ᠎ᠡ ᠤᠰᠤ ᠤᠤᠭᠤᠪᠠᠯ ᠮᠠᠷᠢᠶ᠎ᠠ ᠰᠢᠭᠤᠷᠠᠭᠤᠯᠤᠨ᠎ᠠ ᠭᠡᠳᠡᠭ ᠨᠢ - ᠪᠤᠷᠤᠭᠤ        5. ᠦᠷᠭᠦᠯᠵᠢ ᠴᠡᠪᠡᠷ ᠤᠰᠤ ᠤᠤᠭᠤᠪᠠᠯ ᠪᠡᠶ᠎ᠡ ᠳᠤ ᠡᠷᠦᠳᠡᠰᠦ ᠳᠤᠲᠠᠨ᠎ᠠ ᠭᠡᠳᠡᠭ ᠨᠢ - ᠪᠤᠷᠤᠭᠤ        ᠡᠨᠡ 5 ᠵᠦᠢᠯ ᠢ ᠴᠡᠭᠡᠵᠢᠯᠡᠵᠦ ᠤᠰᠤ ᠶᠢ ᠵᠥᠪ ᠢᠶᠠᠷ ᠤᠤᠭᠤᠭᠠᠷᠠᠢ        1. ᠤᠮᠳᠠᠭᠠᠰᠤᠮᠠᠨᠵᠢᠨ ᠰᠠᠶ᠋ᠢ ᠤᠰᠤ ᠤᠤᠭᠤᠬᠤ ᠶᠢ ᠲᠡᠪᠴᠢᠭᠡᠷᠡᠢ        2. ᠤᠰᠤᠨ ᠤ ᠬᠠᠯᠠᠭᠤᠨ 35 °C~40 °C ᠪᠠᠶᠢᠬᠤ ᠳᠤ ᠤᠤᠭᠤᠬᠤ ᠳᠤ ᠬᠠᠮᠤᠭ ᠲᠣᠬᠢᠷᠠᠮᠵᠢᠲᠠᠢ        3.ᠪᠠᠭ᠎ᠠ ᠪᠠᠭ᠎ᠠ ᠪᠠᠷ ᠣᠭᠤᠴᠢᠵᠤ ᠤᠤᠭᠤ᠂ ᠪᠢᠲᠡᠭᠡᠢ ᠨᠢᠭᠡ ᠯᠡ ᠳᠡᠭᠡᠷ᠎ᠡ ᠴᠢᠳᠬᠤᠵᠤ ᠪᠠᠶᠢᠭ᠎ᠠ ᠰᠢᠭ ᠲᠦᠷᠭᠡᠨ ᠤᠤᠭᠤᠭᠠᠷᠠᠢ        4. ᠶᠠᠭᠠᠬᠢᠭᠰᠠᠨ ᠴᠤ ᠤᠮᠳᠠᠭᠠᠨ ᠢᠶᠠᠷ ᠤᠰᠤ ᠶᠢ ᠣᠷᠣᠯᠠᠭᠤᠯᠵᠤ ᠪᠣᠯᠬᠤ ᠦᠭᠡᠢ᠃        5.ᠡᠳᠦᠷ ᠬᠠᠯᠠᠭᠤᠨ ᠪᠠᠶᠢᠭᠰᠠᠨ ᠴᠤ ᠴᠢᠳᠠᠬᠤ ᠶᠢᠨ ᠳᠣᠲᠣᠷ᠎ᠠ ᠮᠥᠰᠥ ᠲᠠᠢ ᠤᠰᠤ ᠪᠠᠭ᠎ᠠ ᠤᠤᠭᠤᠭᠠᠷᠠᠢ        ᠡᠨᠡ 8 ᠴᠠᠭ ᠲᠤ ᠤᠰᠤ ᠤᠤᠭᠤᠪᠠᠯ ᠵᠣᠬᠢᠨ᠎ᠠ        1. ᠥᠷᠯᠥᠭᠡ ᠪᠣᠰᠣᠭᠰᠠᠨ ᠤ ᠳᠠᠷᠠᠭ᠎ᠠ        2. ᠣᠷᠣᠢ ᠤᠨᠲᠠᠬᠤ ᠠᠴᠠ ᠪᠠᠨ ᠡᠮᠦᠨ᠎ᠡ        3. ᠪᠡᠶ᠎ᠡ ᠪᠠᠨ ᠤᠬᠢᠶᠠᠭᠰᠠᠨ ᠤ ᠳᠠᠷᠠᠭ᠎ᠠ        4. ᠠᠭᠠᠷ ᠲᠣᠬᠢᠷᠠᠭᠤᠯᠤᠭᠴᠢ ᠶᠢ ᠬᠠᠭᠠᠰ ᠴᠠᠭ ᠨᠡᠭᠡᠭᠡᠭᠰᠡᠨ ᠤ ᠳᠠᠷᠠᠭ᠎ᠠ        5. ᠬᠤᠭᠤᠯᠠ ᠢᠳᠡᠭᠰᠡᠨ ᠤ ᠬᠠᠭᠠᠰ ᠴᠠᠭ ᠤᠨ ᠳᠠᠷᠠᠭ᠎ᠠ        6. ᠰᠡᠳᠬᠢᠯ ᠰᠠᠨᠠᠭ᠎ᠠ ᠪᠤᠬᠢᠨᠢᠳᠤᠬᠤ ᠦᠶ᠎ᠡ ᠳᠤ        7. ᠬᠥᠳᠡᠯᠭᠡᠭᠡᠨ ᠬᠢᠵᠦ ᠪᠠᠶᠢᠬᠤ ᠬᠤᠭᠤᠴᠠᠭ᠎ᠠ ᠳᠤ        8. ᠱᠣᠷᠪᠣᠭ ᠶᠠᠭᠤᠮ᠎ᠠ ᠢᠳᠡᠭᠰᠡᠨ ᠤ ᠳᠠᠷᠠᠭ᠎ᠠ
 
ᠢᠷᠡᠯᠲᠡ᠄ ᠬᠦᠯᠦᠨ ᠪᠦᠢᠷ ᠦᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号