ᠨᠣᠶᠢᠷ ᠳᠤᠲᠠᠪᠠᠯ ᠰᠤᠷᠤᠯᠭ᠎ᠠ ᠶᠢ ᠨᠥᠯᠥᠭᠡᠯᠡᠨ᠎ᠡ
ᠨᠡᠶᠢᠲᠡᠯᠡᠭᠰᠡᠨ ᠴᠠᠭ᠄
2023/5/22
               ᠨᠣᠶᠢᠷ ᠳᠤᠲᠠᠪᠠᠯ ᠰᠤᠷᠤᠯᠭ᠎ᠠ ᠶᠢ ᠨᠥᠯᠥᠭᠡᠯᠡᠨ᠎ᠡ       ᠠᠮᠧᠷᠢᠺᠠ ᠶᠢᠨ ︽ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠰᠣᠨᠢᠨ︾ ᠠᠴᠠ ᠣᠷᠴᠢᠮᠬᠠᠨ ᠨᠡᠶᠢᠲᠡᠯᠡᠭᠰᠡᠨ ᠨᠢᠭᠡᠨ ᠰᠢᠨ᠎ᠡ ᠰᠤᠳᠤᠯᠭᠠᠨ ᠳᠤ᠂ ᠣᠶᠤᠲᠠᠳ ᠡᠳᠦᠷ ᠲᠤ ᠠᠳᠠᠭ ᠲᠠᠭᠠᠨ 6 ᠴᠠᠭ ᠤᠨᠲᠠᠬᠤ ᠦᠭᠡᠢ ᠪᠣᠯ ᠰᠤᠷᠤᠯᠴᠠᠬᠤ ᠴᠢᠳᠠᠪᠤᠷᠢ ᠶᠢ ᠨᠢ ᠨᠥᠯᠥᠭᠡᠯᠡᠨ᠎ᠡ ᠭᠡᠵᠡᠢ᠃            ᠡᠭᠦᠨ ᠠᠴᠠ ᠡᠮᠦᠨᠡᠬᠢ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠤᠨᠲᠠᠬᠤ ᠪᠣᠯ ᠡᠷᠡᠭᠦᠯ ᠮᠡᠨᠳᠦ ᠪᠠ ᠦᠷ᠎ᠡ ᠪᠦᠲᠦᠮᠵᠢ ᠶᠢ ᠤᠷᠢᠳᠴᠢᠯᠠᠨ ᠬᠡᠮᠵᠢᠬᠦ ᠴᠢᠬᠤᠯᠠ ᠬᠦᠴᠦᠨ ᠵᠦᠢᠯ ᠪᠣᠯᠣᠨ᠎ᠠ᠃ ᠡᠳᠦᠷ ᠪᠣᠯᠤᠭᠰᠠᠨ ᠴᠡᠭᠡᠵᠢᠯᠡᠬᠦᠢ ᠨᠢ ᠤᠨᠲᠠᠬᠤ ᠨᠣᠶᠢᠷᠤᠨ ᠳᠤ ᠪᠠᠬᠢᠵᠢᠳᠡᠭ ᠪᠠ ᠬᠡᠷᠪᠡ ᠬᠡᠪ ᠤᠨ ᠨᠣᠶᠢᠷ ᠳᠤᠲᠠᠬᠤ ᠪᠤᠶᠤ ᠲᠠᠰᠤᠯᠳᠠᠬᠤ ᠳᠤ ᠬᠦᠷᠪᠡᠯ ᠡᠳᠦᠷ ᠤᠨ ᠰᠤᠷᠤᠯᠴᠠᠭᠰᠠᠨ ᠵᠦᠢᠯ ᠮᠠᠷᠲᠠᠭᠳᠠᠬᠤ ᠪᠣᠯᠣᠨ᠎ᠠ ᠭᠡᠵᠡᠢ᠃            ᠠᠮᠧᠷᠢᠺᠠ ᠶᠢᠨ ᠵᠠᠷᠢᠮ ᠪᠠᠶᠢᠭᠤᠯᠤᠮᠵᠢ ᠶᠢᠨ ᠰᠤᠳᠤᠯᠤᠭᠠᠴᠢᠳ 3 ᠶᠡᠭᠡ ᠰᠤᠷᠭᠠᠭᠤᠯᠢ ᠶᠢᠨ 600 ᠭᠠᠷᠤᠢ ᠣᠶᠤᠲᠠᠳ ᠤᠨ ᠤᠨᠲᠠᠬᠤ ᠪᠠᠶᠢᠳᠠᠯ ᠳᠤ ᠰᠤᠳᠤᠯᠭ᠎ᠠ ᠬᠢᠭᠰᠡᠨ ᠤ ᠳ᠋ᠤᠩ ᠳᠤ᠂ ᠡᠳᠡᠭᠡᠷ ᠰᠤᠷᠤᠭᠴᠢᠳ ᠡᠳᠦᠷ ᠲᠤ ᠳᠤᠮᠳᠠᠴᠢ ᠪᠠᠷ 6 ᠴᠠᠭ ᠬᠠᠭᠠᠰ ᠤᠨᠲᠠᠳᠠᠭ᠃ ᠡᠳᠦᠷ ᠪᠦᠷᠢ 6 ᠴᠠᠭ ᠤᠨᠲᠠᠬᠤ ᠦᠭᠡᠢ ᠪᠠᠶᠢᠭ᠎ᠠ ᠰᠤᠷᠤᠭᠴᠢ ᠶᠢᠨ ᠰᠤᠷᠤᠯᠭ᠎ᠠ ᠶᠢᠨ ᠬᠢᠷᠢ ᠪᠦᠲᠦᠮᠵᠢ ᠢᠯᠡᠳᠲᠡ ᠪᠠᠭᠤᠷᠠᠵᠤ᠂ ᠤᠨᠲᠠᠬᠤ ᠴᠠᠭ ᠨᠢ 1 ᠴᠠᠭ ᠨᠡᠮᠡᠭᠳᠡᠬᠦ ᠪᠦᠷᠢ᠂ ᠬᠤᠭᠤᠴᠠᠭᠠᠨ ᠡᠴᠦᠰ ᠤᠨ ᠳᠤᠮᠳᠠᠴᠢ ᠬᠢᠷᠢ ᠪᠦᠲᠦᠮᠵᠢ ᠨᠢ ᠵᠢᠭᠠᠬᠠᠨ ᠳᠡᠭᠡᠭᠰᠢᠯᠡᠵᠦ ᠪᠠᠶᠢᠬᠤ ᠶᠢ ᠣᠯᠵᠤ ᠮᠡᠳᠡᠵᠡᠢ᠃           ᠤᠨᠲᠠᠬᠤ ᠪᠣᠯ ᠰᠤᠷᠤᠯᠴᠠᠬᠤ ᠪᠠ ᠴᠡᠭᠡᠵᠢᠯᠡᠬᠦ ᠳᠤ ᠲᠣᠩ ᠴᠢᠬᠤᠯᠠ ᠪᠠᠶᠢᠳᠠᠭ ᠭᠡᠵᠦ ᠰᠤᠳᠤᠯᠤᠭᠠᠴᠢᠳ ᠦᠵᠡᠳᠡᠭ᠃ ᠨᠣᠶᠢᠷ ᠳᠤᠲᠠᠬᠤ ᠨᠢ ᠰᠤᠷᠤᠭᠴᠢᠳ ᠤᠨ ᠰᠤᠷᠤᠯᠴᠠᠬᠤ ᠴᠢᠳᠠᠪᠤᠷᠢ ᠶᠢ ᠨᠥᠯᠥᠭᠡᠯᠡᠵᠦ᠂ ᠤᠷᠲᠤ ᠬᠤᠭᠤᠴᠠᠭ᠎ᠠ ᠪᠠᠷ ᠡᠳᠦᠷ ᠲᠤ 6 ᠴᠠᠭ ᠠᠴᠠ ᠪᠠᠭ᠎ᠠ ᠤᠨᠲᠠᠳᠠᠭ ᠬᠥᠮᠥᠨ ᠤ ᠪᠡᠶ᠎ᠡ ᠡᠷᠡᠭᠦᠯ ᠮᠡᠨᠳᠦ ᠶᠢᠨ ᠠᠰᠠᠭᠤᠳᠠᠯ ᠲᠤᠯᠭᠠᠷᠠᠳᠠᠭ᠃ ᠮᠡᠷᠭᠡᠵᠢᠯᠲᠡᠳ ᠠᠴᠠ ᠵᠠᠯᠠᠭᠤᠴᠤᠳ ᠪᠠᠭᠠᠴᠤᠳ ᠢ ᠡᠳᠦᠷ ᠪᠦᠷᠢ 8 ~10 ᠴᠠᠭ ᠤᠨᠲᠠᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠬᠦᠯᠦᠨ ᠪᠦᠢᠷ ᠦᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号