ᠪᠠᠷᠠᠭᠤᠨ ᠦᠵᠦᠮᠦᠴᠢᠨ ᠬᠤᠰᠢᠭᠤᠨ ᠤ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠠᠯᠪᠡᠨ ᠵᠠᠷᠯᠠᠯ
ᠨᠡᠶᠢᠲᠡᠯᠡᠭᠰᠡᠨ ᠴᠠᠭ᠄
2023/5/22
   ᠪᠠᠷᠠᠭᠤᠨ ᠦᠵᠦᠮᠦᠴᠢᠨ ᠬᠤᠰᠢᠭᠤᠨ ᠤ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠠᠯᠪᠡᠨ ᠵᠠᠷᠯᠠᠯ   ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ  ᠶᠢᠨ ᠣᠷᠴᠢᠨ ᠲᠣᠭᠤᠷᠢᠨ ᠢ ᠦᠨᠡᠨᠬᠦ ᠰᠠᠶᠢᠲᠤᠷ ᠬᠠᠮᠠᠭᠠᠯᠠᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠵᠤ᠂ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠠᠬᠠᠪᠴᠢ ᠶᠢ ᠪᠠᠶᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠲᠥᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠥᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ  ᠶᠢᠨ ᠲᠥᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠤᠷᠭᠤᠮᠠᠯ ᠢ ᠲᠡᠭᠦᠵᠦ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠳᠦᠷᠢᠮ ᠲᠤᠭᠲᠠᠭᠠᠯ ᠢ ᠦᠨᠳᠦᠰᠦᠯᠡᠨ ᠂ ᠬᠠᠤᠯᠢ ᠪᠤᠰᠤ ᠪᠠᠷ ᠬᠡᠭᠡᠷ᠎ᠡ ᠶᠢᠨ ᠡᠮᠲᠤ ᠤᠷᠭᠤᠮᠠᠯ ᠢ ᠮᠠᠯᠲᠠᠬᠤ᠂ ᠬᠤᠳᠠᠯᠳᠤᠨ ᠠᠪᠬᠤ᠂  ᠵᠥᠭᠡᠭᠡᠪᠦᠷᠢᠯᠡᠬᠦ ᠵᠡᠷᠬᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠥᠭᠬᠦ ᠲᠤᠬᠠᠢ ᠳᠣᠤᠷᠠᠬᠢ ᠮᠡᠲᠦ ᠵᠠᠷᠯᠠᠶ᠎ᠡ    ᠨᠢᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠪᠠ ᠲᠣᠰ ᠬᠤᠰᠢᠭᠤᠨ ᠤ ᠬᠤᠪᠣᠷ ᠨᠠᠨᠳᠢᠨ ᠤᠷᠭᠤᠮᠠᠯ ᠪᠤᠶᠤ ᠠᠵᠤ ᠠᠬᠤᠢ᠂ ᠰᠢᠨᠵᠢᠯᠡᠬᠦ ᠤᠬᠠᠭᠠᠨ ᠤ ᠰᠤᠳᠤᠯᠤᠯ᠂ ᠰᠣᠶᠣᠯ ᠤᠨ ᠦᠨ᠎ᠡ ᠥᠷᠲᠡᠭ ᠲᠠᠢ ᠬᠤᠪᠣᠷ ᠴᠤᠬᠠᠭ ᠤᠷᠭᠤᠮᠠᠯ ᠢ ᠶᠠᠮᠠᠷᠪᠠ ᠨᠢᠭᠡᠴᠡ ᠪᠠ ᠬᠤᠪᠢ ᠬᠥᠮᠦᠨ ᠬᠠᠤᠯᠢ ᠪᠤᠰᠤ ᠪᠠᠷ ᠲᠡᠭᠦᠬᠦ᠂ ᠮᠠᠯᠲᠠᠬᠤ᠂ ᠵᠥᠭᠡᠭᠡᠪᠦᠷᠢᠯᠡᠬᠦ᠂ ᠬᠤᠳᠠᠯᠳᠤᠬᠤ᠂ ᠬᠤᠳᠠᠯᠳᠤᠨ ᠠᠪᠬᠤ᠂  ᠪᠤᠯᠪᠠᠰᠤᠷᠠᠭᠤᠯᠬᠤ ᠪᠤᠶᠤ ᠲᠡᠭᠦᠨ ᠤ ᠤᠷᠭᠤᠯᠲᠠ ᠶᠢᠨ ᠣᠷᠴᠢᠨ ᠲᠣᠭᠤᠷᠢᠨ ᠢ ᠡᠪᠳᠡᠬᠦ ᠶᠢ ᠡᠷᠡᠰ ᠴᠠᠭᠠᠵᠠᠯᠠᠨ᠎ᠠ᠃    ᠬᠤᠶᠠᠷ᠂ ᠬᠡᠭᠡᠷ᠎ᠡ ᠶᠢᠨ ᠡᠮᠲᠦ ᠤᠷᠭᠤᠮᠠᠯ ᠢ ᠳᠤᠷ᠎ᠠ ᠪᠠᠷ ᠢᠶᠠᠨ ᠮᠠᠯᠲᠠᠵᠤ ᠠᠮᠢ ᠠᠬᠤᠶ ᠶᠢ ᠡᠪᠳᠡᠭᠰᠡᠨ ᠪᠠᠶᠢᠪᠠᠯ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠪᠠᠶᠢᠴᠠᠭᠠᠯᠲᠠ ᠬᠢᠬᠦ ᠪᠠ ᠬᠢᠨᠠᠨ ᠲᠤᠭᠳᠠᠭᠠᠭᠰᠠᠨ ᠰᠠᠭᠤᠷᠢᠨ ᠳᠡᠭᠡᠷ᠎ᠡ᠂ ᠡᠪᠳᠡᠭᠳᠡᠭᠰᠡᠨ ᠤᠷᠭᠤᠮᠠᠯ ᠤᠨ ᠬᠤᠴᠢᠯᠭ᠎ᠠ  ᠶᠢᠨ ᠲᠥᠷᠥᠯ ᠬᠡᠯᠪᠡᠷᠢ᠂ ᠪᠣᠳᠠᠲᠠᠶ ᠡᠪᠳᠡᠭᠳᠡᠭᠰᠡᠨ ᠲᠠᠯᠠᠪᠠᠶ ᠵᠡᠷᠭᠡ ᠶᠢ ᠲᠣᠭᠲᠠᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠵᠠᠷᠤᠳᠠᠯ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠬᠤᠭᠤᠴᠠᠭᠠᠨ ᠳᠠᠬᠢ ᠦᠶᠯᠡᠴᠢᠯᠡᠭᠡᠨ ᠤ ᠴᠢᠳᠠᠮᠵᠢ ᠶᠢᠨ ᠬᠤᠬᠢᠷᠠᠯ᠂ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ ᠶᠢᠨ ᠡᠭᠦᠷᠢᠳᠡ ᠶᠢᠨ ᠴᠢᠨᠠᠷᠲᠠᠶ ᠬᠤᠬᠢᠷᠠᠯ ᠠᠴᠠ ᠪᠣᠯᠤᠭᠰᠠᠨ ᠬᠤᠬᠢᠷᠠᠯ ᠢ ᠬᠢᠨᠠᠨ ᠲᠣᠭᠲᠠᠭᠠᠵᠤ᠂ ᠬᠠᠤᠯᠢ ᠶᠣᠰᠣᠭᠠᠷ ᠲᠥᠯᠥᠪᠦᠷᠢ ᠠᠪᠬᠤ ᠪᠠᠷ ᠱᠠᠭᠠᠷᠳᠠᠵᠤ᠂ ᠴᠢᠨᠠᠭᠰᠢᠯᠠᠪᠠᠯ ᠬᠠᠤᠯᠢ ᠶᠢᠨ ᠪᠠᠶᠢᠭᠤᠯᠭ᠎ᠠ ᠳᠤ ᠠᠯᠪᠡᠨ ᠵᠠᠭᠠᠯᠲᠤᠯᠭ᠎ᠠ ᠬᠢᠨ᠎ᠠ᠃ ᠠᠯᠪᠠᠨ ᠠᠵᠢᠯᠳᠠᠨ ᠲᠤᠰ ᠲᠦᠷᠦᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ  ᠳᠤ ᠣᠷᠣᠯᠴᠠᠭᠰᠠᠨ ᠪᠠᠶᠢᠬᠤ ᠶᠢ ᠪᠠᠶᠢᠴᠠᠭᠠᠨ ᠮᠡᠳᠡᠪᠡᠯ ᠬᠠᠮᠢᠶ᠎ᠠ ᠪᠥᠬᠦᠶ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃   ᠭᠤᠷᠪᠠ᠂ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ᠳᠥᠷᠪᠡ᠂ ᠮᠠᠨ ᠤ ᠬᠤᠰᠢᠭᠤᠨ ᠤ ᠬᠡᠪᠴᠢᠶᠠᠨ ᠳᠤ ᠳᠠᠯ᠎ᠠ ᠨᠤᠲᠤᠭ ᠤᠨ ᠬᠡᠭᠡᠷ᠎ᠡ ᠶᠢᠨ ᠡᠮᠲᠦ ᠤᠷᠭᠤᠮᠠᠯ ᠢ ᠮᠠᠯᠲᠠᠵᠤ᠂ ᠬᠤᠳᠠᠯᠳᠤᠨ ᠠᠪᠴᠤ᠂ ᠵᠥᠭᠡᠭᠡᠪᠦᠷᠢᠯᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠪᠦᠲᠦᠮᠵᠢᠲᠡᠶ ᠰᠦᠪᠡᠭᠴᠢ ᠬᠠᠩᠭᠠᠵᠤ᠂ ᠪᠠᠶᠢᠴᠠᠭᠠᠨ ᠳᠣᠲᠣᠯᠠᠭᠠᠳ ᠦᠨᠡᠨ ᠪᠣᠳᠠᠲᠠᠶ ᠪᠠᠶᠢᠪᠠᠯ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠪᠠᠶᠢᠭᠤᠯᠭ᠎ᠠ ᠢᠯᠡᠴᠢᠯᠡᠨ ᠮᠡᠳᠡᠭᠦᠯᠦᠭᠴᠢ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠣᠯᠠᠨ ᠬᠥᠮᠦᠨ ᠢᠯᠡᠴᠢᠯᠡᠨ ᠮᠡᠳᠡᠭᠦᠯᠦᠭᠰᠡᠨ ᠬᠡᠷᠡᠭ ᠲᠤ ᠬᠠᠮᠤᠭ ᠲᠡᠷᠢᠭᠦᠨ ᠳᠤ ᠢᠯᠡᠴᠢᠯᠡᠨ ᠮᠡᠳᠡᠭᠦᠯᠦᠭᠰᠡᠨ ᠬᠦᠮᠦᠨ ᠢ ᠱᠠᠩᠨᠠᠨ ᠬᠥᠬᠢᠭᠦᠯᠦᠨ᠎ᠡ᠃    ᠢᠯᠡᠴᠢᠯᠡᠨ ᠮᠡᠳᠡᠭᠦᠯᠬᠦ ᠬᠠᠶ᠋ᠢᠭ᠄ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ  ᠤᠨ ᠲᠣᠪᠴᠢᠶ᠎ᠠ ᠶᠢᠨ ᠨᠢᠭᠡᠳᠦᠭᠡᠷ ᠳᠠᠪᠬᠤᠷᠭ᠎ᠠ ᠶᠢᠨ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ  ᠮᠠᠯᠳᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠠᠯᠪᠠᠨ ᠬᠡᠷ   ᠢᠯᠡᠴᠢᠯᠡᠨ ᠮᠡᠳᠡᠭᠦᠯᠬᠦ ᠢᠮᠧᠯ᠄ xwqlyhcyj@163.com   ᠢᠯᠡᠴᠢᠯᠡᠨ ᠮᠡᠳᠡᠭᠦᠯᠬᠦ ᠤᠲᠠᠰᠤ᠄ 0479— 3918569             ᠪᠠᠷᠠᠭᠤᠨ ᠦᠵᠦᠮᠦᠴᠢᠨ ᠬᠤᠰᠢᠭᠤᠨ ᠤ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠳᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠠᠯᠪᠠᠨ ᠬᠡᠷ                                  2023 ᠤᠨ ᠤ 5 ᠰᠠᠷ᠎ᠠ ᠶᠢᠨ 19 ᠤ ᠡᠲᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号