ᠪᠠᠷᠠᠭᠤᠨ ᠦᠵᠦᠮᠦᠴᠢᠨ ᠬᠤᠰᠢᠭᠤᠨ ᠤ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ ᠠᠵᠢᠯᠯᠠᠭ᠎ᠠ | ᠳᠤ ᠴᠢᠩᠭ᠎ᠠ ᠴᠣᠬᠢᠯᠲᠠ ᠥᠭᠬᠦ ᠲᠤᠬᠠᠢ ᠠᠯᠪᠡᠨ ᠵᠠᠷᠯᠠᠯ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ | ᠣᠷᠴᠢᠨ ᠲᠣᠭᠤᠷᠢᠨ ᠢ ᠦᠨᠡᠨᠬᠦ ᠰᠠᠶᠢᠲᠤᠷ ᠬᠠᠮᠠᠭᠠᠯᠠᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠ ᠠᠮᠢ ᠠᠬᠤᠶ | ᠶᠢᠨ ᠲᠡᠩᠴᠡᠭᠦᠷᠢ ᠶᠢ ᠬᠠᠮᠠᠭᠠᠯᠠᠵᠤ᠂ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠠᠬᠠᠪᠴᠢ ᠶᠢ | ᠪᠠᠶᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠲᠥᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠥᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠥᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠤᠷᠭᠤᠮᠠᠯ ᠢ ᠲᠡᠭᠦᠵᠦ ᠬᠤᠳᠠᠯᠳᠤᠨ ᠠᠪᠬᠤ ᠬᠠᠮᠢᠶᠠᠷᠤᠯᠲᠠ | ᠶᠢᠨ ᠠᠷᠭ᠎ᠠ︾ ᠵᠡᠷᠭᠡ ᠬᠠᠤᠯᠢ ᠴᠠᠭᠠᠵᠠ ᠳᠦᠷᠢᠮ ᠲᠤᠭᠲᠠᠭᠠᠯ ᠢ ᠦᠨᠳᠦᠰᠦᠯᠡᠨ᠂ ᠬᠠᠤᠯᠢ ᠪᠤᠰᠤ ᠪᠠᠷ ᠬᠡᠭᠡᠷ᠎ᠡ ᠶᠢᠨ ᠡᠮᠲᠤ | ᠤᠷᠭᠤᠮᠠᠯ ᠢ ᠮᠠᠯᠲᠠᠬᠤ᠂ ᠬᠤᠳᠠᠯᠳᠤᠨ ᠠᠪᠬᠤ᠂ ᠵᠥᠭᠡᠭᠡᠪᠦᠷᠢᠯᠡᠬᠦ ᠵᠡᠷᠬᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠤᠬᠢᠯᠲᠠ ᠥᠭᠬᠦ ᠲᠤᠬᠠᠢ ᠳᠣᠤᠷᠠᠬᠢ ᠮᠡᠲᠦ ᠵᠠᠷᠯᠠᠶ᠎ᠡ᠄ | ᠨᠢᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠪᠠ | ᠲᠣᠰ ᠬᠤᠰᠢᠭᠤᠨ ᠤ ᠬᠤᠪᠣᠷ ᠨᠠᠨᠳᠢᠨ ᠤᠷᠭᠤᠮᠠᠯ ᠪᠤᠶᠤ ᠠᠵᠤ ᠠᠬᠤᠢ᠂ ᠰᠢᠨᠵᠢᠯᠡᠬᠦ ᠤᠬᠠᠭᠠᠨ ᠤ ᠰᠤᠳᠤᠯᠤᠯ᠂ ᠰᠣᠶᠣᠯ | ᠤᠨ ᠦᠨ᠎ᠡ ᠥᠷᠲᠡᠭ ᠲᠠᠢ ᠬᠤᠪᠣᠷ ᠴᠤᠬᠠᠭ ᠤᠷᠭᠤᠮᠠᠯ ᠢ ᠶᠠᠮᠠᠷᠪᠠ ᠨᠢᠭᠡᠴᠡ ᠪᠠ ᠬᠤᠪᠢ ᠬᠥᠮᠦᠨ ᠬᠠᠤᠯᠢ ᠪᠤᠰᠤ ᠪᠠᠷ | ᠲᠡᠭᠦᠬᠦ᠂ ᠮᠠᠯᠲᠠᠬᠤ᠂ ᠵᠥᠭᠡᠭᠡᠪᠦᠷᠢᠯᠡᠬᠦ᠂ ᠬᠤᠳᠠᠯᠳᠤᠬᠤ᠂ ᠬᠤᠳᠠᠯᠳᠤᠨ ᠠᠪᠬᠤ᠂ ᠪᠤᠯᠪᠠᠰᠤᠷᠠᠭᠤᠯᠬᠤ ᠪᠤᠶᠤ ᠲᠡᠭᠦᠨ ᠤ | ᠤᠷᠭᠤᠯᠲᠠ ᠶᠢᠨ ᠣᠷᠴᠢᠨ ᠲᠣᠭᠤᠷᠢᠨ ᠢ ᠡᠪᠳᠡᠬᠦ ᠶᠢ ᠡᠷᠡᠰ ᠴᠠᠭᠠᠵᠠᠯᠠᠨ᠎ᠠ᠃ | ᠬᠤᠶᠠᠷ᠂ ᠬᠡᠭᠡᠷ᠎ᠡ ᠶᠢᠨ ᠡᠮᠲᠦ ᠤᠷᠭᠤᠮᠠᠯ ᠢ ᠳᠤᠷ᠎ᠠ ᠪᠠᠷ ᠢᠶᠠᠨ ᠮᠠᠯᠲᠠᠵᠤ ᠠᠮᠢ ᠠᠬᠤᠶ ᠶᠢ ᠡᠪᠳᠡᠭᠰᠡᠨ ᠪᠠᠶᠢᠪᠠᠯ᠂ ᠠᠮᠢ | ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠪᠠᠶᠢᠴᠠᠭᠠᠯᠲᠠ | ᠬᠢᠬᠦ ᠪᠠ ᠬᠢᠨᠠᠨ ᠲᠤᠭᠳᠠᠭᠠᠭᠰᠠᠨ ᠰᠠᠭᠤᠷᠢᠨ ᠳᠡᠭᠡᠷ᠎ᠡ᠂ ᠡᠪᠳᠡᠭᠳᠡᠭᠰᠡᠨ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ | ᠪᠣᠳᠠᠲᠠᠶ ᠡᠪᠳᠡᠭᠳᠡᠭᠰᠡᠨ ᠲᠠᠯᠠᠪᠠᠶ ᠵᠡᠷᠭᠡ ᠶᠢ ᠲᠣᠭᠲᠠᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ | ᠵᠠᠷᠤᠳᠠᠯ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠬᠤᠭᠤᠴᠠᠭᠠᠨ ᠳᠠᠬᠢ ᠦᠶᠯᠡᠴᠢᠯᠡᠭᠡᠨ ᠤ ᠴᠢᠳᠠᠮᠵᠢ | ᠶᠢᠨ ᠬᠤᠬᠢᠷᠠᠯ᠂ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ ᠶᠢᠨ ᠡᠭᠦᠷᠢᠳᠡ ᠶᠢᠨ ᠴᠢᠨᠠᠷᠲᠠᠶ ᠬᠤᠬᠢᠷᠠᠯ ᠠᠴᠠ | ᠪᠣᠯᠤᠭᠰᠠᠨ ᠬᠤᠬᠢᠷᠠᠯ ᠢ ᠬᠢᠨᠠᠨ ᠲᠣᠭᠲᠠᠭᠠᠵᠤ᠂ ᠬᠠᠤᠯᠢ ᠶᠣᠰᠣᠭᠠᠷ ᠲᠥᠯᠥᠪᠦᠷᠢ ᠠᠪᠬᠤ ᠪᠠᠷ ᠱᠠᠭᠠᠷᠳᠠᠵᠤ᠂ ᠴᠢᠨᠠᠭᠰᠢᠯᠠᠪᠠᠯ | ᠬᠠᠤᠯᠢ ᠶᠢᠨ ᠪᠠᠶᠢᠭᠤᠯᠭ᠎ᠠ ᠳᠤ ᠠᠯᠪᠡᠨ ᠵᠠᠭᠠᠯᠲᠤᠯᠭ᠎ᠠ ᠬᠢᠨ᠎ᠠ᠃ ᠠᠯᠪᠠᠨ ᠠᠵᠢᠯᠳᠠᠨ ᠲᠤᠰ ᠲᠦᠷᠦᠯ ᠤᠨ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠳᠤ ᠣᠷᠣᠯᠴᠠᠭᠰᠠᠨ ᠪᠠᠶᠢᠬᠤ ᠶᠢ ᠪᠠᠶᠢᠴᠠᠭᠠᠨ ᠮᠡᠳᠡᠪᠡᠯ ᠬᠠᠮᠢᠶ᠎ᠠ ᠪᠥᠬᠦᠶ ᠬᠠᠤᠯᠢ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ᠂ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠥᠷᠪᠡ᠂ ᠮᠠᠨ ᠤ ᠬᠤᠰᠢᠭᠤᠨ ᠤ ᠬᠡᠪᠴᠢᠶᠠᠨ ᠳᠤ ᠳᠠᠯ᠎ᠠ ᠨᠤᠲᠤᠭ ᠤᠨ ᠬᠡᠭᠡᠷ᠎ᠡ ᠶᠢᠨ ᠡᠮᠲᠦ ᠤᠷᠭᠤᠮᠠᠯ ᠢ ᠮᠠᠯᠲᠠᠵᠤ᠂ | ᠬᠤᠳᠠᠯᠳᠤᠨ ᠠᠪᠴᠤ᠂ ᠵᠥᠭᠡᠭᠡᠪᠦᠷᠢᠯᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠪᠦᠲᠦᠮᠵᠢᠲᠡᠶ ᠰᠦᠪᠡᠭᠴᠢ | ᠬᠠᠩᠭᠠᠵᠤ᠂ ᠪᠠᠶᠢᠴᠠᠭᠠᠨ ᠳᠣᠲᠣᠯᠠᠭᠠᠳ ᠦᠨᠡᠨ ᠪᠣᠳᠠᠲᠠᠶ ᠪᠠᠶᠢᠪᠠᠯ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃ | ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠪᠠᠶᠢᠭᠤᠯᠭ᠎ᠠ ᠢᠯᠡᠴᠢᠯᠡᠨ ᠮᠡᠳᠡᠭᠦᠯᠦᠭᠴᠢ ᠶᠢᠨ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠵᠤ᠂ ᠣᠯᠠᠨ ᠬᠥᠮᠦᠨ ᠢᠯᠡᠴᠢᠯᠡᠨ ᠮᠡᠳᠡᠭᠦᠯᠦᠭᠰᠡᠨ ᠬᠡᠷᠡᠭ ᠲᠤ ᠬᠠᠮᠤᠭ ᠲᠡᠷᠢᠭᠦᠨ ᠳᠤ ᠢᠯᠡᠴᠢᠯᠡᠨ | ᠮᠡᠳᠡᠭᠦᠯᠦᠭᠰᠡᠨ ᠬᠦᠮᠦᠨ ᠢ ᠱᠠᠩᠨᠠᠨ ᠬᠥᠬᠢᠭᠦᠯᠦᠨ᠎ᠡ᠃ | ᠢᠯᠡᠴᠢᠯᠡᠨ ᠮᠡᠳᠡᠭᠦᠯᠬᠦ ᠬᠠᠶ᠋ᠢᠭ᠄ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠨᠢᠭᠡᠳᠦᠭᠡᠷ ᠳᠠᠪᠬᠤᠷᠭ᠎ᠠ ᠶᠢᠨ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠳᠠᠭᠰᠠᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠠᠯᠪᠠᠨ ᠬᠡᠷ | ᠢᠯᠡᠴᠢᠯᠡᠨ ᠮᠡᠳᠡᠭᠦᠯᠬᠦ ᠢᠮᠧᠯ᠄ xwqlyhcyj@163.com | ᠢᠯᠡᠴᠢᠯᠡᠨ ᠮᠡᠳᠡᠭᠦᠯᠬᠦ ᠤᠲᠠᠰᠤ᠄ 0479— 3918569 | | | ᠪᠠᠷᠠᠭᠤᠨ ᠦᠵᠦᠮᠦᠴᠢᠨ ᠬᠤᠰᠢᠭᠤᠨ ᠤ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠮᠠᠯᠳᠠᠭᠰᠠᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠠᠯᠪᠠᠨ ᠬᠡᠷ | 2023 ᠤᠨ ᠤ 5 ᠰᠠᠷ᠎ᠠ ᠶᠢᠨ 19 ᠤ ᠡᠲᠦᠷ |