ᠪᠠᠶᠠᠷ ᠤᠨ ᠴᠢᠮᠡᠭᠡ︕ ᠲᠣᠭᠯᠠᠭᠴᠢ ᠪᠣᠶᠠᠨᠨᠡᠮᠡᠬᠦ ᠶᠢᠨ ᠲᠣᠭᠯᠠᠭᠰᠠᠨ ᠡᠨᠡ ᠺᠢᠨᠣ᠋  ​ᠳᠤᠮᠳᠠᠳᠤ ᠤᠯᠤᠰ ᠤᠨ ᠺᠢᠨᠣ᠋ ᠤᠨ ᠬᠤᠸᠠ ᠪᠢᠶᠣᠣ ᠱᠠᠩᠨᠠᠯ ᠲᠣᠰᠪᠠ
ᠨᠡᠶᠢᠲᠡᠯᠡᠭᠰᠡᠨ ᠴᠠᠭ᠄
2023/5/29
      ᠪᠠᠶᠠᠷ ᠤᠨ ᠴᠢᠮᠡᠭᠡ︕ ᠲᠣᠭᠯᠠᠭᠴᠢ ᠪᠣᠶᠠᠨᠨᠡᠮᠡᠬᠦ ᠶᠢᠨ ᠲᠣᠭᠯᠠᠭᠰᠠᠨ ᠡᠨᠡ ᠺᠢᠨᠣ᠋           ᠳᠤᠮᠳᠠᠳᠤ ᠤᠯᠤᠰ ᠤᠨ ᠺᠢᠨᠣ᠋ ᠤᠨ ᠬᠤᠸᠠ ᠪᠢᠶᠣᠣ ᠱᠠᠩᠨᠠᠯ ᠲᠣᠰᠪᠠ                                                     ᠠᠷᠪᠠᠨ ᠨᠠᠢᠮᠠ᠂ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠤᠨ ᠬᠤᠸᠠ ᠪᠢᠶᠣᠣ ᠱᠠᠩᠨᠠᠯ ᠤᠨ ᠱᠠᠩᠨᠠᠯ ᠣᠯᠭᠤᠬᠤ ᠶᠣᠰᠣᠯᠠᠯ 5 ᠰᠠᠷ᠎ᠠ ᠶᠢᠨ 23 ᠤ ᠡᠳᠦᠷ ᠪᠡᠭᠡᠵᠢᠩ ᠳᠤ ᠶᠠᠪᠤᠭᠳᠠᠪᠠ᠃ ᠡᠭᠦᠨ ᠳᠤ᠂ ᠰᠢᠯᠢ  ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠲᠣᠭᠯᠠᠭᠴᠢ ᠪᠣᠶᠠᠨᠨᠡᠮᠡᠬᠦ ᠶᠢᠨ ᠭᠤᠣᠯᠯᠠᠨ ᠲᠣᠭᠯᠠᠭᠰᠠᠨ ᠺᠢᠨᠣ᠋ ︽ᠴᠠᠭᠳᠠᠭ᠎ᠠ  ᠪᠤᠶᠠᠨ︾ ᠨᠢ ᠴᠥᠭᠡᠨ ᠲᠣᠭᠠᠲᠤ ᠦᠨᠳᠦᠰᠦᠲᠡᠨ ᠤ ᠰᠡᠳᠦᠪᠲᠦ ᠰᠢᠯᠢᠳᠡᠭ  ᠺᠢᠨᠣ᠋  ᠶᠢᠨ ᠱᠠᠩᠨᠠᠯ ᠢ ᠲᠤᠰᠤᠭᠰᠠᠨ ᠪᠠᠶᠢᠨ᠎ᠠ᠃
    ᠲᠤᠰ ᠺᠢᠨᠣ᠋ ᠶᠢᠨ ᠨᠠᠶᠢᠷᠠᠭᠤᠯᠣᠨ ᠦᠢᠯᠡᠳᠦᠭᠴᠢ ᠬᠥᠬᠡᠪᠠᠭᠠᠲᠤᠷ᠂ ᠤᠳᠤᠷᠢᠳᠤᠭᠠᠴᠢ ᠶᠠᠩ ᠶᠢᠨ ᠂ ᠲᠣᠭᠯᠠᠭᠴᠢ ᠪᠣᠶᠠᠨᠨᠡᠮᠡᠬᠦ᠂ ᠪᠠᠳᠮ᠎ᠠ ᠭᠤᠣᠯᠯᠠᠨ ᠲᠣᠭᠯᠠᠵᠤ᠂ ᠺᠢᠨᠣ᠋ ᠨᠢ ᠲᠥᠪ ᠤᠨ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ︽ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ  ᠰᠢᠰᠲ᠋ᠧᠮ ᠤᠨ ᠨᠢᠭᠡᠳᠦᠭᠡᠷ ᠳᠡᠰ ᠤᠨ ᠪᠠᠭᠠᠲᠤᠷ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠣᠯᠭᠤᠭᠰᠠᠨ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠴᠤᠬᠠᠥ᠋ᠨᠳᠦᠷ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠪᠤᠶᠠᠨᠳᠡᠯᠭᠡᠷ ᠤᠨ ᠲᠡᠷᠢᠭᠦᠨ ᠤ ᠦᠢᠯᠡ ᠠᠵᠢᠯᠯᠠᠭ᠎ᠠ ᠪᠠᠷ ᠰᠡᠳᠦᠪᠯᠡᠵᠦ᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ  ᠪᠤᠶᠠᠨ ᠤ ᠡᠭᠦᠷᠭᠡ ᠬᠠᠷᠢᠭᠤᠴᠠᠯᠭ᠎ᠠ ᠪᠠᠨ ᠡᠷᠬᠢᠮᠯᠡᠨ ᠭᠦᠢᠴᠡᠳᠭᠡᠬᠦ ᠵᠣᠷᠢᠭ ᠰᠠᠨᠠᠭᠠᠨ ᠤ ᠬᠡᠪ ᠴᠢᠨᠠᠷ ᠢ ᠠᠮᠢᠳᠤᠯᠢᠭ ᠢᠶᠠᠷ ᠵᠢᠷᠤᠭᠯᠠᠵᠤ᠂ ᠤᠳᠤ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠠᠨ ᠦᠯᠦ  ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ  ᠴᠡᠭᠡᠵᠢᠯᠡᠵᠦ᠂  ᠠᠷᠠᠳ ᠤᠯᠠᠨ ᠳᠤ ᠵᠣᠯ ᠵᠢᠷᠭᠠᠯ ᠣᠯᠭᠤᠬᠤ ᠬᠠᠶᠢᠷ᠎ᠠ ᠰᠡᠳᠬᠢᠯᠭᠡ ᠶᠢ  ᠢᠯᠡᠷᠡᠭᠦᠯᠵᠡᠢ᠃
   ᠲᠣᠭᠯᠠᠭᠴᠢ ᠪᠣᠶᠠᠨᠨᠡᠮᠡᠬᠦ᠂ 1981 ᠣᠨ ᠤ 2 ᠰᠠᠷ᠎ᠠ ᠳᠤ ᠪᠠᠷᠠᠭᠤᠨ ᠦᠵᠦᠮᠦᠴᠢᠨ ᠬᠤᠰᠢᠭᠤᠨ ᠤ  ᠪᠠᠶᠠᠩᠬᠤᠸᠠ ᠪᠠᠯᠭᠠᠰᠤᠨ ᠤ ᠪᠠᠶᠠᠨᠳᠦ᠋ᠭᠦᠷᠩ ᠭᠠᠴᠠᠭᠠᠨ ᠳᠤ ᠲᠥᠷᠦᠵᠦ᠂ 2004 ᠣᠨ ᠳᠤ ᠥᠪᠥᠷ ᠮᠣᠩᠭᠤᠯ ᠤᠨ ᠦᠨᠳᠦᠰᠦᠲᠡᠨ ᠤ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ ᠺᠢᠨᠣ᠋ ᠲᠧᠯᠸᠢᠰ ᠤᠨ ᠠᠩᠭᠢ ᠠᠴᠠ ᠲᠡᠭᠦᠰᠴᠦ᠂ ᠥᠪᠥᠷ ᠮᠣᠩᠭᠤᠯ ᠤᠨ ᠺᠢᠨᠣ᠋ ᠣᠷᠠᠯᠢᠭᠴᠢᠳ ᠤᠨ ᠨᠡᠶᠢᠭᠡᠮᠯᠢᠭ ᠤᠨ ᠭᠡᠰᠢᠭᠦᠨ᠂ ᠣᠲᠣ ᠥᠪᠥᠷ ᠮᠣᠩᠭᠤᠯ ᠤᠨ ᠬᠠᠨᠢᠬᠠᠨ ᠰᠣᠶᠣᠯ ᠵᠠᠭᠤᠴᠢ ᠶᠢᠨ ᠬᠢᠵᠠᠭᠠᠷᠲᠤ ᠺᠣᠮᠫᠠᠨᠢ ᠶᠢ  ᠡᠷᠬᠢᠯᠡᠨ ᠠᠵᠢᠯᠯᠠᠭᠤᠯᠵᠣ ᠪᠣᠶ᠃     ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠺᠢᠨᠣ᠋ ᠤᠨ ᠬᠤᠸᠠ ᠪᠢᠶᠣᠣ ᠱᠠᠩᠨᠠᠯ ᠢ 1994 ᠣᠨ ᠳᠤ ᠡᠭᠦᠳᠴᠦ᠂ ᠤᠯᠤᠰ ᠤᠨ ᠰᠣᠨᠢᠨ ᠮᠡᠳᠡᠭᠡᠯᠡᠯ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠺᠢᠨᠣ᠋ ᠬᠥᠷᠢᠶᠡᠨ ᠳᠠᠬᠢ ᠵᠠᠰᠠᠭ ᠤᠨ ᠣᠷᠳᠣᠨ ᠤ ᠱᠠᠩᠨᠠᠯ  ᠪᠠᠶᠢᠵᠤ᠂ ᠳᠤᠮᠳᠠᠳᠤ ᠤᠯᠤᠰ ᠤᠨ ᠺᠢᠨᠣ᠋ ᠶᠢᠨ ᠠᠯᠲᠠᠨ ᠲᠠᠬᠢᠶ᠎ᠠ ᠱᠠᠩᠨᠠᠯ᠂ ᠣᠯᠠᠨ ᠨᠡᠶᠢᠲᠡ ᠶᠢᠨ ᠺᠢᠨᠣ᠋ ᠶᠢᠨ ᠥᠨᠢᠷ ᠴᠡᠴᠡᠭ ᠱᠠᠩᠨᠠᠯ   ᠲᠠᠢ ᠬᠠᠮᠲᠤ  ᠳᠤᠨᠢ ᠳᠤᠮᠳᠠᠳᠤ ᠤᠯᠤᠰ ᠤᠨ ᠺᠢᠨᠣ᠋ ᠶᠢᠨ ᠭᠤᠷᠪᠠᠨ ᠲᠣᠮᠣ ᠱᠠᠩᠨᠠᠯ ᠭᠡᠳᠡᠭ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号