ᠴᠠᠭᠠᠨ ᠢᠳᠡᠭᠡᠨ ᠤ ᠥᠢᠯᠡᠰ ᠢᠶᠠᠷ ᠴᠢᠨᠡᠭᠡᠯᠢᠭᠵᠢᠯ ᠤᠨ ᠵᠠᠮ ᠢᠶᠠᠨ ᠡᠯᠭᠦᠯ᠎ᠡ
ᠨᠡᠶᠢᠲᠡᠯᠡᠭᠰᠡᠨ ᠴᠠᠭ᠄
2023/5/30
   ᠴᠠᠭᠠᠨ ᠢᠳᠡᠭᠡᠨ ᠤ ᠥᠢᠯᠡᠰ ᠢᠶᠠᠷ ᠴᠢᠨᠡᠭᠡᠯᠢᠭᠵᠢᠯ ᠤᠨ ᠵᠠᠮ ᠢᠶᠠᠨ ᠡᠯᠭᠦᠯ᠎ᠡ                                               ᠴᠠᠭᠠᠨ ᠢᠳᠡᠭᠡᠨ ᠭᠡᠵᠤ ᠤᠤᠯ ᠨᠢ ᠬᠥᠳᠡᠭᠡ ᠶᠢᠨ ᠤᠨᠴᠠ ᠭᠠᠷᠤᠯᠳᠠ ᠪᠠᠶᠢᠭᠰᠠᠨ ᠪᠤᠯ ᠬᠠᠷᠢᠨ ᠤᠳᠤ ᠪᠤᠯᠬᠤ ᠳᠤ ᠬᠥᠳᠡᠭᠡ ᠶᠢᠨ ᠬᠢ ᠴᠦ ᠴᠠᠭᠠᠨ ᠢᠳᠡᠭᠡᠨ ᠢᠶᠠᠨ ᠬᠤᠳᠠ ᠠᠴᠠ ᠬᠤᠳᠠᠯᠳᠤᠨ ᠠᠪᠳᠠᠭ ᠪᠤᠯᠤᠭᠰᠠᠨ ᠢᠶᠠᠷ ᠴᠠᠭᠠᠨ ᠢᠳᠡᠭᠡᠨ ᠤ ᠮᠠᠶᠢᠮᠠᠢ ᠵᠠᠬ᠎ᠠ ᠲᠡᠯᠭᠡᠭᠦᠷ ᠲᠡᠭᠡᠷ᠎ᠡ ᠮᠠᠰᠢ ᠬᠥᠭᠵᠢᠶᠡᠨᠳᠡᠢ ᠪᠤᠯᠵᠦ ᠡᠵᠡᠩᠨᠡᠯᠳᠡ ᠶᠢᠨ ᠴᠢᠳᠡᠪᠤᠷᠢ ᠲᠠᠢ ᠨᠢᠭᠡ ᠪᠥᠯᠥᠭ ᠬᠥᠮᠥᠰ  ᠲᠤ ᠥᠢᠯᠡᠰ ᠪᠥᠳᠥᠭᠡᠬᠦ ᠠᠵᠠ ᠲᠤᠬᠢᠶᠠᠯ ᠬᠠᠩᠭᠠᠵᠦ ᠥᠭᠭᠦᠭᠰᠡᠨ ᠪᠠᠶᠢᠳᠠᠭ᠃ ᠡᠨᠡᠬᠦ ᠠᠵᠠ ᠲᠤᠬᠢᠶᠠᠯ ᠢᠶᠠᠷ ᠥᠢᠯᠡᠰ ᠤᠨ ᠰᠢᠨ᠎ᠠ ᠭᠠᠷᠤᠭ᠎ᠠ ᠪᠠᠨ ᠠᠪᠴᠤ ᠴᠢᠨᠡᠭᠡᠯᠢᠭᠵᠢᠯ ᠤᠨ ᠵᠠᠮ ᠢᠶᠠᠨ ᠡᠯᠭᠦᠵᠦ ᠶᠠᠪᠤᠭ᠎ᠠ ᠬᠥᠮᠥᠨ ᠤ ᠨᠢᠭᠡᠨ ᠪᠤᠯ ᠪᠠᠷᠠᠭᠤᠨ ᠥᠵᠥᠮᠥᠴᠢᠨ ᠬᠤᠰᠢᠭᠤᠨ ᠤ ᠤᠯᠠᠭᠠᠨ ᠬᠠᠭᠠᠯᠭ᠎ᠠ ᠰᠤᠮᠤᠨ ᠤ ᠡᠷᠭᠡᠳᠤ ᠤᠪᠤᠭ᠎ᠠ ᠭᠠᠴᠠᠭᠠᠨ ᠤ ᠮᠠᠯᠴᠢᠨ  ᠭᠤᠨᠴᠤᠭᠵᠠᠪ ᠪᠤᠯᠤᠨ᠎ᠠ᠃
   ᠤᠤᠯ ᠠᠴᠠ ᠪᠠᠨ ᠠᠮᠢᠳᠤᠷᠠᠯ ᠤᠨ ᠰᠠᠭᠤᠷᠢ ᠨᠢᠮᠭᠡᠨ ᠪᠠᠶᠢᠭᠰᠠᠨ ᠭᠤᠨᠴᠤᠭᠵᠠᠪ ᠠᠶᠢᠯ ᠭᠡᠷ ᠪᠤᠯᠤᠭᠰᠠᠨ ᠠᠴᠠ ᠨᠠᠰᠢ ᠥᠷᠭᠦᠯᠵᠢ ᠬᠥᠯᠥᠰᠥᠨ ᠠᠵᠢᠯ ᠬᠢᠵᠦ ᠠᠮᠢᠳᠤᠷᠠᠯ ᠠᠬᠤᠢ ᠪᠠᠨ ᠥᠭᠡᠳᠡ ᠨᠢ ᠲᠠᠳᠠᠵᠦ ᠶᠠᠪᠤᠵᠦ ᠪᠠᠶᠢᠭᠰᠠᠨ ᠢᠶᠠᠨ ᠬᠡᠤᠬᠡᠳ  ᠨᠢ ᠰᠤᠷᠭᠠᠭᠤᠯᠢ ᠳᠤ ᠰᠠᠭᠤᠬᠤ ᠪᠤᠯᠬᠤ ᠪᠠᠷ ᠬᠤᠰᠢᠭᠤᠨ ᠲᠥᠪ ᠲᠤ ᠨᠥᠬᠦᠷ ᠬᠡᠷᠭᠡᠢ ᠬᠤᠶᠠᠭᠤᠯᠠ ᠬᠥᠯᠥᠰᠥᠨ ᠠᠵᠢᠯ ᠬᠢᠵᠦ ᠠᠵᠢᠯ ᠤᠨ ᠠᠷᠭ᠎ᠠ ᠲᠡᠮ ᠠᠷᠠᠯᠵᠢᠶ᠎ᠠ ᠮᠠᠶᠢᠮᠠᠢ ᠶᠢᠨ ᠲᠤᠷᠰᠢᠯᠭ᠎ᠠ ᠬᠤᠷᠠᠮᠳᠤᠭᠤᠯᠵᠦ ᠢᠷᠡᠵᠡᠢ᠃ 2022 ᠤᠨ ᠤ 6 ᠰᠠᠷ᠎ᠠ ᠳᠤ ᠪᠤᠰᠤᠳ ᠤᠨ ᠴᠠᠭᠠᠨ ᠢᠳᠡᠭᠡᠨ ᠤ ᠲᠡᠯᠭᠡᠭᠦᠷ ᠶᠢ ᠲᠠᠭᠠᠭᠠᠴᠢᠯᠠᠨ ᠠᠪᠴᠤ ᠲᠤᠷᠰᠢᠵᠦ ᠥᠵᠡᠬᠦ ᠰᠠᠨᠠᠭ᠎ᠠ ᠲᠠᠢ ᠬᠢᠵᠦ ᠥᠵᠡᠭᠰᠡᠨ ᠨᠢ ᠰᠠᠨᠠᠭᠠᠨ ᠠᠴᠠ ᠭᠠᠳᠠᠭᠤᠷ ᠠᠰᠢᠭ ᠤᠷᠤᠯᠭ᠎ᠠ ᠨᠢ ᠶᠡᠭᠡ ᠵᠥᠭᠡᠷ ᠪᠤᠯᠬᠤᠷ ᠥᠨᠥ ᠬᠠᠪᠤᠷ ᠬᠤᠶᠠᠷ ᠲᠥᠮᠡ ᠭᠠᠷᠤᠢ ᠲᠥᠭᠦᠷᠢᠭ ᠤᠨ ᠪᠡᠯᠡ ᠭᠠᠷᠭᠠᠵᠦ ᠬᠡᠷ ᠲᠥᠷᠢᠶᠡᠰᠥᠯᠡᠨ ᠴᠠᠭᠠᠨ ᠢᠳᠡᠭᠡ ᠪᠤᠯᠪᠠᠰᠤᠷᠠᠭᠤᠯᠬᠤ ᠮᠠᠰᠢᠨ ᠪᠠᠭᠠᠵᠢ ᠪᠥᠷᠢᠳᠥᠭᠦᠯᠥᠨ ︽ᠠᠷᠢᠭᠤᠨ ᠬᠡᠰᠢᠭ︾ ᠴᠠᠭᠠᠨ ᠢᠳᠡᠭᠡᠨ ᠤ ᠲᠡᠯᠭᠡᠭᠦᠷ ᠢᠶᠠᠨ ᠡᠷᠤᠭᠡ ᠶᠢ ᠨᠢ ᠰᠡᠭᠦᠨ ᠡᠵᠡᠩᠨᠡᠯᠳᠡ ᠪᠠᠨ ᠡᠬᠢᠯᠡᠭᠦᠯᠦᠨ ᠴᠠᠭᠠᠨ ᠢᠳᠡᠭᠡᠨ ᠤ ᠪᠠᠨ ᠴᠢᠨᠡᠷ ᠴᠢᠨᠰᠠᠭ᠎ᠠ ᠶᠢᠨ ᠲᠠᠯ᠎ᠠ ᠪᠠᠷ ᠤᠨᠴᠠ ᠠᠩᠬᠠᠷᠤᠯ ᠲᠠᠯᠪᠢᠭᠰᠠᠨ ᠠᠴᠠ ᠡᠳᠡᠨ ᠤ ᠴᠠᠭᠠᠨ ᠢᠳᠡᠭᠡ ᠨᠢ ᠬᠡᠷᠡᠭᠯᠡᠭᠴᠢᠳ ᠤᠨ ᠬᠥᠷᠢᠶᠡᠯᠡᠯ ᠢ ᠤᠯᠵᠦ ᠡᠳᠤᠷ ᠲᠤ ᠪᠠᠷᠤᠭ ᠮᠢᠩᠭ᠎ᠠ ᠰᠢᠬᠠᠮ ᠵᠢᠩ ᠰᠥ ᠰᠠᠭᠠᠯᠢ ᠪᠤᠯᠪᠠᠰᠤᠷᠠᠭᠤᠯᠵᠦ ᠪᠠᠶᠢᠳᠠᠭ ᠴᠦ ᠥᠷᠥᠮ᠎ᠠ᠂ ᠵᠥᠬᠡᠬᠡᠢ ᠬᠤᠷᠤᠳ ᠵᠡᠷᠭᠡ ᠨᠢ ᠪᠤᠷᠤᠯᠠᠭᠤᠯᠭ᠎ᠠ ᠨᠢ ᠰᠠᠶᠢᠨ ᠪᠠᠶᠢᠵᠦ ᠪᠡᠷᠤᠭ ᠯᠠ ᠲᠤᠰ ᠡᠳᠤᠷ ᠲᠤ ᠬᠤᠳᠠᠯᠳᠤᠭᠠᠳ  ᠲᠠᠭᠤᠰᠴᠢᠬᠠᠳᠠᠭ ᠪᠤᠯᠵᠠᠢ᠃
   ᠮᠠᠯᠴᠢᠨ ᠭᠤᠨᠴᠤᠭᠵᠠᠪ᠄ ︽ᠴᠠᠭᠠᠨ ᠢᠳᠡᠭᠡᠨ ᠤ ᠪᠤᠷᠤᠯᠠᠭᠤᠯᠭ᠎ᠠ ᠮᠠᠨᠢ ᠮᠠᠰᠢ ᠰᠠᠶᠢᠨ ᠪᠠᠶᠢᠨ᠎ᠠ᠂ ᠤᠳᠤ ᠡᠳᠤᠷ ᠤᠨ ᠪᠤᠯᠪᠠᠰᠤᠷᠠᠭᠤᠯᠬᠤ ᠰᠥᠨ ᠤ ᠬᠡᠮᠵᠢᠶ᠎ᠠ ᠪᠠᠨ ᠨᠡᠮᠡᠭᠳᠡᠭᠦᠯᠥᠨ ᠴᠢᠨᠡᠷ ᠴᠢᠰᠠᠭ᠎ᠠ ᠪᠠᠨ ᠲᠡᠭᠦᠯᠳᠡᠷᠵᠢᠭᠦᠯᠥᠨ ᠬᠡᠷᠡᠭᠯᠡᠭᠴᠢᠳ ᠲᠤ ᠨᠡᠩ ᠰᠠᠶᠢᠨ  ᠦᠢᠯᠡᠴᠢᠯᠡᠵᠤ ᠤᠷᠤᠯᠭ᠎ᠠ ᠪᠠᠨ ᠤᠯᠠᠮ ᠨᠡᠮᠡᠭᠳᠡᠭᠦᠯᠬᠦ ᠪᠠᠷ ᠴᠢᠷᠮᠠᠶᠢᠨ ᠠᠵᠢᠯᠯᠠᠨ᠎ᠠ︾ ᠭᠡᠵᠤ ᠵᠤᠷᠢᠭᠳᠠᠢ ᠶᠠᠷᠢᠵᠦ ᠪᠠᠶᠢᠯ᠎ᠠ᠃
   ᠤᠷᠴᠢᠮᠠᠬᠠᠨ ᠲᠡᠷᠡ ᠬᠤᠶᠠᠷ ᠪᠠᠰᠠ ᠬᠠᠯᠠᠭᠤᠨ ᠰᠡᠳᠬᠢᠯ ᠢᠶᠠᠷ ᠬᠠᠷᠡᠮ ᠦᠭᠡᠢ ᠬᠠᠪᠰᠤᠷᠴᠤ ᠲᠡᠮᠵᠢᠵᠦ ᠢᠷᠡᠭᠰᠡᠨ ᠬᠥᠮᠥᠰ  ᠲᠤ ᠪᠠᠨ ᠲᠠᠯᠠᠷᠬᠠᠬᠤ ᠶᠢᠨ ᠡᠭᠦᠳᠡᠨ ᠠᠴᠠ ᠨᠠᠰᠤᠳᠠᠶᠢᠴᠤᠳ ᠤᠨ ᠴᠠᠶᠢᠯᠠᠯᠭ᠎ᠠ ᠬᠢᠵᠦ ᠠᠮᠤᠷ ᠪᠠᠶᠠᠰᠬᠤᠯᠠᠩ ᠨᠠᠭᠠᠳᠤᠮ ᠪᠤᠯᠤᠨ ᠰᠡᠶ᠋ᠢᠩ ᠤᠷᠬᠢᠬᠤ ᠤᠷᠤᠯᠳᠤᠭᠠᠨ ᠶᠠᠪᠤᠭᠳᠠᠭᠤᠯᠤᠭᠰᠠᠨ ᠳᠤ ᠬᠤᠯᠠ ᠤᠶᠢᠷ᠎ᠠ ᠶᠢᠨ ᠭᠤᠷᠪᠠᠨ ᠵᠠᠭᠤ ᠭᠠᠷᠤᠢ ᠨᠠᠰᠤᠳᠠᠳ ᠨᠡᠷ᠎ᠡ ᠮᠡᠳᠡᠭᠦᠯᠥᠨ ᠤᠷᠤᠯᠴᠠᠭᠰᠠᠨ ᠢᠶᠠᠷ ᠲᠤᠰ ᠤᠳᠠᠭᠠᠨ ᠤ ᠬᠠᠶᠢᠷ᠎ᠠ ᠲᠠᠯᠠᠷᠬᠠᠯ ᠤᠨ ᠴᠠᠶᠢᠯᠠᠯᠭ᠎ᠠ ᠨᠢ ᠤᠳᠬ᠎ᠠ ᠠᠭᠤᠯᠭ᠎ᠠ ᠲᠡᠭᠦᠯᠳᠡᠷ ᠨᠢᠵᠢᠭᠢᠷ ᠰᠠᠶᠢᠬᠠᠨ ᠪᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号