ᠠᠪᠤ ᠬᠦᠦ ᠬᠤᠶᠠᠭᠤᠯᠠ ᠪᠠᠨ ᠠᠮᠵᠢᠯᠲᠠ ᠲᠠᠢ ᠪᠠᠷᠢᠯᠳᠤᠯ᠎ᠠ
ᠨᠡᠶᠢᠲᠡᠯᠡᠭᠰᠡᠨ ᠴᠠᠭ᠄
2023/5/30
               ᠠᠪᠤ ᠬᠦᠦ ᠬᠤᠶᠠᠭᠤᠯᠠ ᠪᠠᠨ ᠠᠮᠵᠢᠯᠲᠠ ᠲᠠᠢ ᠪᠠᠷᠢᠯᠳᠤᠯ᠎ᠠ                                             ᠪᠠᠷᠠᠭᠤᠨ ᠦᠵᠦᠮᠦᠴᠢᠨ  ᠬᠤᠰᠢᠭᠤᠨ ᠤ ᠪᠠᠶᠠᠨᠬᠤᠸᠠ ᠪᠠᠯᠭᠠᠰᠤᠨ ᠤ ᠲᠠᠩᠰᠤᠭ ᠭᠠᠴᠠᠭᠠᠨ ᠤ ᠮᠠᠯᠴᠢᠨ ᠪᠠᠶᠠᠨᠮᠠᠨᠳᠤᠬᠤ ᠬᠦᠦ ᠲᠠᠢ ᠪᠠᠨ ᠬᠤᠶᠠᠭᠤᠯᠠ 5 ᠰᠠᠷ᠎ᠠ ᠶᠢᠨ 20 - 21  ᠳᠤ ᠶᠠᠪᠤᠭᠳᠠᠭᠰᠠᠨ ᠠᠷᠪᠠᠨ ᠲᠠᠪᠤᠳᠤᠭᠠᠷ ᠤᠳᠠᠭᠠᠨ ᠤ  ᠪᠡᠭᠡᠵᠢᠩ ᠤᠨ ᠪᠡᠶ᠎ᠡ ᠲᠠᠮᠢᠷ ᠤᠨ ᠴᠤᠭᠯᠠᠭᠠᠨ ᠤ ︽ᠳᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠬᠤᠨᠳᠠᠭᠠᠲᠤ》ᠵᠢᠤᠳᠤᠤ  ᠶᠢᠨ ᠨᠡᠭᠡᠭᠡᠯᠲᠡ ᠲᠠᠢ ᠤᠷᠤᠯᠳᠤᠭᠠᠨ  ᠳᠤ ᠤᠷᠤᠯᠴᠠᠵᠤ ᠠᠮᠵᠢᠯᠲᠠ ᠲᠠᠢ ᠬᠠᠷᠢᠵᠤ ᠢᠷᠡᠭᠡᠳ ᠠᠬ᠎ᠠ ᠳᠡᠭᠦᠦ ᠰᠠᠳᠤᠨ ᠠᠶᠢᠯ ᠰᠠᠭᠠᠬᠠᠯᠲᠠ ᠶᠢᠨ ᠬᠢᠨ ᠢᠶᠠᠨ ᠪᠠᠶᠠᠷᠯᠠᠭᠤᠯᠤᠯ᠎ᠠ᠃
  ᠪᠠᠶᠠᠨᠮᠠᠨᠳᠤᠬᠤ 1984 ᠣᠨ ᠳᠤ ᠣᠣᠯ ᠤᠨ ᠪᠠᠶᠠᠨᠬᠤᠸᠠ ᠰᠤᠮᠤᠨ ᠤ ᠲᠠᠩᠰᠤᠭ ᠭᠠᠴᠠᠭᠠᠨ ᠤ ᠣᠣᠭᠠᠯ᠂ ᠪᠠᠯᠨᠤᠳ ᠣᠪᠣᠭ ᠤᠨ ᠡᠷᠳᠡᠨᠢᠳᠤᠭᠲᠤᠬᠤ ᠶᠢᠨ ᠤᠳᠬᠤᠨ ᠬᠦᠦ ᠨᠢ  ᠪᠤᠯᠤᠨ ᠵᠠᠶᠠᠭᠠᠵᠠᠢ᠃ ᠲᠡᠭᠦᠨ ᠤ ᠡᠪᠦᠭᠡ  ᠶᠢᠨ ᠬᠢᠨᠢ ᠠᠬ᠎ᠠ ᠮᠠᠮᠠ ᠨᠢ ᠠᠯᠳᠠᠷᠲᠦ ᠠᠷᠪᠠᠨ ᠭᠤᠷᠪᠠᠨ ᠴᠤᠭᠢᠶ᠎ᠠ ᠲᠠᠢ ᠢᠨᠵᠠᠭᠠᠨ ᠤ ᠷᠠᠪᠰᠠᠯ ᠭᠡᠵᠦ ᠲᠤᠬᠠᠢ ᠶᠢᠨ ᠦᠶ᠎ᠡ ᠶᠢᠨ ᠦᠵᠦᠮᠦᠴᠢᠨ ᠤ  ᠰᠠᠶᠢᠨ ᠪᠦᠬᠡᠴᠦᠦᠯ ᠤᠨ  ᠨᠢᠭᠡ ᠨᠢ ᠪᠠᠶᠢᠭᠰᠠᠨ ᠪᠦᠭᠡᠳ ᠠᠪᠠᠭ᠎ᠠ ᠡᠷᠳᠡᠨᠢᠳᠤᠭᠲᠤᠬᠤ ᠨᠢ ᠴᠣ᠋ ᠰᠠᠶᠢᠨ ᠪᠠᠷᠢᠯᠳᠤᠳᠠᠭ ᠪᠠᠶᠢᠪᠠ᠃
     ᠪᠠᠶᠠᠨᠮᠠᠨᠳᠤᠬᠤ ᠴᠣ᠋ ᠠᠩᠬ᠎ᠠ ᠳᠣᠮᠳᠠ ᠶᠢᠨ ᠦᠶ᠎ᠡ ᠠᠴᠠ ᠪᠡᠨ‌ᠵᠢᠤᠳᠤᠤ ᠪᠦᠬᠡ ᠶᠢᠨ ᠪᠡᠯᠡᠳᠬᠡᠯ ᠰᠣᠷᠭᠠᠯᠲᠠ ᠪᠠᠷ ᠬᠢᠴᠢᠶᠡᠯᠯᠡᠵᠦ᠂ 2002 ᠣᠨ ᠠᠴᠠ 2013 ᠣᠨ ᠪᠤᠯᠲᠠᠯ᠎ᠠ ᠦᠪᠦᠷ ᠮᠤᠩᠭᠤᠯ ᠤᠨ ᠪᠡᠶ᠎ᠡ ᠲᠠᠮᠢᠷ ᠤᠨ ᠬᠤᠶᠠᠳᠤᠭᠠᠷ ᠶᠡᠭᠡ ᠠᠩᠭᠢ ᠶᠢᠨ ᠵᠢᠣᠳᠣᠣ ᠪᠦᠬᠡ ᠶᠢᠨ ᠰᠢᠭᠰᠢᠭᠡ ᠪᠠᠭ ᠲᠤ ᠲᠠᠮᠢᠷᠴᠢᠨ ᠪᠤᠯᠵᠤ᠂ ᠠᠯᠲᠠ᠂ ᠮᠦᠩᠭᠦᠨ ᠮᠧᠳᠠᠯ ᠭᠠᠷᠳᠠᠵᠤ ᠠᠪᠤᠷᠭᠤ ᠴᠤᠯᠠ ᠬᠠᠮᠠᠭᠠᠯᠠᠵᠤ ᠶᠠᠪᠤᠵᠠᠢ᠃
  ᠡᠨᠡ ᠵᠢᠯ ᠤᠨ ᠲᠦᠷᠪᠡᠳᠦᠭᠡᠷ ᠰᠠᠷ᠎ᠠ ᠳᠤ ᠲᠠᠷᠡ ᠲᠠᠮᠢᠷ ᠤᠨ ᠲᠠᠪᠴᠠᠩ ᠠᠴᠠ ᠪᠠᠭᠤᠭᠰᠠᠨ ᠤ ᠪᠠᠨ ᠠᠷᠪᠠᠳᠠᠬᠢ ᠵᠢᠯ ᠳᠡᠭᠡᠨ ᠳᠠᠬᠢᠨ ᠵᠤᠳᠤᠭᠯᠠᠵᠤ᠂ ᠬᠦᠯᠦᠨ ᠪᠤᠶᠢᠷ ᠬᠤᠲᠠ ᠶᠢᠨ ᠰᠢᠨ᠎ᠡ ᠪᠠᠷᠭᠤ ᠬᠤᠰᠢᠭᠤᠨ ᠳᠤ ᠶᠠᠪᠤᠭᠳᠠᠭᠰᠠᠨ ︽2023 ᠬᠥᠯᠥᠨ ᠪᠣᠶᠢᠷ ᠠᠩᠬᠠᠳᠠᠭᠴᠢ ᠤᠳᠠᠭᠠᠨ ᠤ ᠣᠯᠠᠨ ᠲᠦᠮᠡᠨᠴᠢ ᠵᠢᠤᠳᠤᠤ᠂ ᠨᠡᠭᠡᠭᠡᠯᠲᠡ ᠲᠠᠢ ᠲᠡᠮᠡᠴᠡᠭᠡᠨ︾ ᠤ 66 ᠺᠢᠯᠣᠭ᠍ᠷᠠᠮ ᠤᠨ ᠳᠡᠰ ᠲᠤ ᠠᠯᠲᠠᠨ ᠮᠧᠳᠠᠯ ᠭᠠᠷᠳᠠᠵᠤ᠂ ᠡᠨᠡ ᠤᠳᠠᠭᠠᠨ ᠤ ᠪᠡᠭᠡᠵᠢᠩ ᠤᠨ ᠲᠠᠮᠢᠷ ᠤᠨ ᠴᠤᠭᠯᠠᠭᠠᠨ ᠤ ᠲᠣᠮᠣᠴᠤᠤᠯ ᠤᠨ ᠳᠤᠭᠤᠶᠢᠯᠠᠩ ᠤᠨ 73 ᠺᠢᠯᠣᠭ᠍ᠷᠠᠮ ᠤᠨ ᠳᠡᠰ ᠲᠤ ᠲᠡᠷᠢᠭᠦᠯᠡᠭᠰᠡᠨ ᠪᠠᠶᠢᠨ᠎ᠠ᠃
   ᠬᠦᠦ ᠡᠯᠪᠡᠭᠪᠠᠶᠠᠷ ᠨᠢ ᠡᠨᠡ ᠵᠢᠯ 12 ᠨᠠᠰᠤᠲᠠᠢ᠂ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠳᠤ ᠰᠤᠷᠤᠯᠴᠠᠵᠤ ᠪᠠᠶᠢᠨ᠎ᠠ᠃ ᠬᠢᠴᠢᠶᠡᠯ ᠤᠨ ᠴᠢᠯᠦᠭᠡ ᠪᠠᠷ ᠵᠢᠤᠳᠣᠣ ᠰᠤᠷᠳᠠᠭ ᠪᠠᠶᠢᠵᠠᠢ᠃ 2019 ᠣᠨ ᠳᠤ ᠤᠯᠠᠭᠠᠢ ᠬᠠᠮᠢᠶᠠᠷᠤᠯᠲᠠ ᠶᠢᠨ ᠣᠷᠣᠨ ᠳᠤ ᠶᠠᠪᠤᠭᠳᠠᠭᠰᠠᠨ ︽ᠤᠯᠠᠭᠠᠢ ᠬᠤᠨᠳᠠᠭᠠᠲᠤ︾ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠤᠳᠣᠣ ᠪᠦᠬᠡ ᠶᠢᠨ ᠤᠷᠤᠯᠳᠤᠭᠠᠨ ᠳᠤ 32 ᠺᠢᠯᠣᠭ᠍ᠷᠠᠮ ᠤᠨ ᠳᠡᠰ ᠲᠤ ᠭᠤᠷᠪᠠᠳᠤᠭᠠᠷ ᠲᠤ ᠣᠷᠣᠵᠤ ᠪᠠᠶᠢᠪᠠ᠃    ᠡᠨᠡ ᠤᠳᠠᠭ᠎ᠠ ᠡᠯᠪᠡᠭᠪᠠᠶᠠᠷ ᠠᠪᠤ ᠪᠠᠨ ᠳᠠᠭᠠᠵᠤ᠂ ᠠᠷᠪᠠᠨ ᠲᠠᠪᠤᠳᠤᠭᠠᠷ ᠤᠳᠠᠭᠠᠨ ᠤ ᠪᠡᠭᠡᠵᠢᠩ ᠤᠨ ᠪᠡᠶ᠎ᠡ ᠲᠠᠮᠢᠷ ᠤᠨ ᠴᠤᠭᠯᠠᠭᠠᠨ ᠤ ︽ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠬᠤᠨᠳᠠᠭᠠᠲᠤ︾ ᠵᠢᠤᠳᠤᠤ ᠪᠦᠬᠡ ᠶᠢᠨ ᠤᠷᠤᠯᠳᠤᠭᠠᠨ ᠳᠤ ᠣᠷᠣᠯᠴᠠᠭᠠᠳ᠂ ᠥᠰᠪᠦᠷᠢ ᠪᠠᠭᠠᠴᠤᠳ ᠤᠨ ᠳᠤᠭᠤᠶᠢᠯᠠᠩ ᠤᠨ 40 ᠺᠢᠯᠣᠭ᠍ᠷᠠᠮ ᠤᠨ ᠳᠡᠰ ᠲᠤ ᠳᠣᠯᠣᠳᠤᠭᠠᠷ ᠲᠤ ᠣᠷᠣᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号