ᠬᠠᠶᠢᠷ᠎ᠠ ᠬᠠᠯᠠᠮᠵᠢ ᠪᠠᠷ ᠪᠣᠯᠪᠠᠰᠣᠨ ᠢ ᠳᠠᠮᠵᠢᠭᠤᠯᠵᠣ ᠶᠠᠪᠣᠭ᠎ᠠ ︽ᠳᠠᠮ ᠳᠠᠮ ᠳᠡᠭᠡᠨ︾ ᠬᠤᠯᠪᠣᠭᠠᠨ ᠤ ᠰᠠᠶᠢᠨ ᠳᠣᠷ᠎ᠠ | ᠶᠢᠨ ᠠᠵᠢᠯᠯᠠᠭ᠎ᠠ | | 5 ᠰᠠᠷ᠎ᠠ ᠶᠢᠨ15 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠣᠭᠠᠷ ᠪᠠᠭ᠎ᠠ ᠰᠣᠷᠭᠠᠭᠤᠯᠢ ᠶᠢᠨ | ᠬᠢᠨ ᠬᠠᠯᠠᠭᠤᠨ ᠰᠡᠳᠬᠢᠯ ᠲᠠᠢ ᠬᠦᠮᠦᠰ ᠤᠨ ᠬᠠᠶᠢᠷ᠎ᠠ ᠬᠠᠯᠠᠮᠵᠢ ᠶᠢ ᠲᠣᠰᠣᠯ᠎ᠠ᠃ | ᠬᠤᠰᠢᠭᠤ ᠡᠮᠡᠭᠲᠡᠶᠢᠴᠦᠳ ᠤᠨ ᠬᠤᠯᠪᠣᠭᠠᠲᠣ ᠬᠤᠷᠠᠯ᠂ ᠬᠤᠰᠢᠭᠤ ᠬᠤᠶᠢᠴᠢ ᠦᠶ᠎ᠡ ᠶᠢᠨ ᠬᠢᠨ ᠢ ᠬᠠᠯᠠᠨᠵᠢᠯᠠᠬᠤ | ᠠᠵᠢᠯ ᠤᠨ ᠵᠥᠪᠯᠡᠯ᠂ ᠵᠢᠷ ᠤᠨ ᠭᠤᠣᠯ ᠪᠠᠯᠭᠠᠰᠣᠨ ᠤ ᠵᠢᠭᠠᠰᠣᠲᠠᠢ ᠭᠠᠴᠠᠭᠠᠨ ᠤ ︽ᠳᠡᠮ ᠳᠡᠮ ᠳᠡᠭᠡᠨ︾ ᠸᠢᠴᠠᠲ | ᠬᠤᠯᠪᠣᠭᠠᠨ ᠤ ᠰᠠᠶᠢᠨ ᠳᠣᠷᠠᠴᠣᠣᠯ ᠨᠢ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠣᠭᠠᠷ ᠪᠠᠭ᠎ᠠ ᠰᠣᠷᠭᠠᠭᠤᠯᠢ ᠤᠨ | ᠭᠤᠷᠪᠠᠨ ᠰᠣᠷᠣᠭᠴᠢ ᠳᠤ ︽ᠳᠡᠮ ᠳᠡᠮ ᠳᠡᠭᠡᠨ︾ ᠬᠤᠯᠪᠣᠭᠠᠨ ᠤ ᠣᠷᠠᠨᠴᠢᠮᠡᠭ ᠡᠵᠢ ᠶᠢᠨ ᠤᠶᠤᠭᠰᠠᠨ ᠲᠡᠷᠯᠢᠭ ᠪᠠ | 7200 ᠲᠥᠭᠦᠷᠢᠭ ᠤᠨ ᠬᠠᠨᠳᠢᠪ ᠤᠨ ᠮᠥᠩᠭᠦ ᠥᠭᠴᠦ᠂ ᠡᠷᠡᠭᠦᠯ ᠴᠢᠭᠢᠷᠠᠭ ᠢᠶᠠᠷ ᠦᠰᠦᠨ ᠪᠤᠶᠢᠵᠢᠨ᠂ ᠰᠣᠷᠣᠯᠭ᠎ᠠ | ᠬᠢᠴᠢᠶᠡᠯ ᠳᠡᠭᠡᠨ ᠰᠢᠮᠳᠠᠵᠣ᠂ ᠢᠷᠡᠭᠡᠳᠦᠢ ᠳᠤ ᠨᠡᠶᠢᠭᠡᠮ ᠨᠡᠶᠢᠲᠡ ᠳᠤ ᠬᠡᠷᠡᠭᠴᠡᠭᠡ ᠲᠠᠢ ᠬᠦᠮᠦᠨ ᠪᠣᠯᠬᠤ ᠶᠢ ᠨᠢ | ᠵᠤᠷᠢᠭᠵᠢᠭᠤᠯᠣᠭᠰᠠᠨ ᠪᠠᠶᠢᠨ᠎ᠠ᠃ | ︽ᠳᠡᠮ ᠳᠡᠮ ᠳᠡᠭᠡᠨ︾ ᠬᠤᠯᠪᠣᠭ᠎ᠠ ᠨᠢ 2022 ᠣᠨ ᠤ3 ᠰᠠᠷ᠎ᠠ ᠶᠢᠨ8 ᠳᠤ ᠪᠠᠶᠢᠭᠤᠯᠣᠭᠳᠠᠵᠣ᠂ ᠣᠳᠣ ᠪᠣᠯᠬᠤ | ᠳᠤ 33 ᠬᠡᠰᠢᠭᠦᠨ ᠲᠠᠢ ᠃ ᠲᠣᠰ ᠣᠳᠠᠭᠠᠨ ᠤ ᠠᠵᠢᠯᠯᠠᠭ᠎ᠠ ᠨᠢ ᠭᠤᠷᠪᠠᠳᠠᠬᠢ ᠣᠳᠠᠭᠠᠨ ᠤ ᠬᠠᠨᠳᠢᠪ ᠤᠨ ᠠᠵᠢᠯᠯᠠᠭ᠎ᠠ | ᠪᠠᠶᠢᠵᠣ᠂ ᠣᠷᠴᠢᠮ ᠤᠨ ᠬᠡᠳᠦᠨ ᠵᠢᠯ ᠨᠠᠮ ᠵᠠᠰᠠᠭ ᠤᠨ ᠵᠢᠯᠤᠭᠤᠳᠤᠯᠭ᠎ᠠ ᠳᠣᠣᠷ᠎ᠠ᠂ ᠡᠬᠡ ᠳᠡᠯᠡᠬᠡᠢ ᠪᠠᠨ ᠬᠠᠮᠠᠭᠠᠯᠠᠨ᠂ | ᠴᠡᠪᠡᠷ ᠠᠷᠢᠭᠤᠨ ᠣᠷᠴᠢᠨ ᠠᠬᠤᠢ ᠶᠢ ᠪᠥᠲᠦᠭᠡᠨ ᠪᠠᠶᠢᠭᠤᠯᠵᠣ᠂ ᠪᠠᠶᠢᠭᠠᠯᠢ ᠳᠡᠯᠡᠬᠡᠢ ᠪᠠᠨ ᠣᠩᠭᠤᠨ ᠲᠠᠷᠬᠠᠨ ᠢᠶᠠᠷ ᠨᠢ | ᠦᠷ᠎ᠡ ᠬᠤᠶᠢᠴᠢᠰ ᠲᠠᠭᠠᠨ ᠦᠯᠡᠳᠡᠬᠡᠭᠦ ᠣᠷᠢᠶᠠᠯᠭ᠎ᠠ ᠶᠢ ᠴᠣᠣᠷᠢᠶᠠᠳᠣᠨ ᠳᠠᠭᠠᠵᠤ᠂ ᠵᠢᠯ ᠪᠣᠯᠭᠠᠨ ᠣᠷᠴᠢᠨ ᠲᠣᠭᠤᠷᠢᠨ ᠤ | ᠬᠤᠭ ᠨᠣᠪᠰᠢ ᠶᠢ ᠲᠡᠭᠦᠨ ᠴᠡᠪᠡᠷᠯᠡᠵᠤ᠂ ᠢᠯᠭᠠᠨ ᠰᠠᠯᠭᠠᠵᠣ ᠬᠤᠭ ᠨᠣᠪᠰᠢ ᠲᠥᠪᠯᠡᠷᠡᠭᠦᠯᠦᠨ ᠰᠢᠢᠳᠪᠦᠷᠢᠯᠡᠬᠦ ᠭᠠᠵᠠᠷ ᠲᠤ | ᠬᠦᠷᠭᠡᠨ ᠦᠭᠬᠦ ᠠᠵᠢᠯᠯᠠᠭ᠎ᠠ ᠥᠷᠨᠢᠭᠦᠯᠳᠡᠭ᠃ ᠬᠤᠭ ᠨᠣᠪᠰᠢ ᠬᠤᠳᠠᠯᠳᠣᠨ ᠣᠯᠤᠭᠰᠠᠨ ᠮᠥᠩᠭᠦ ᠪᠠᠨ ᠴᠤᠭᠯᠠᠭᠤᠯᠤᠨ | ᠠᠮᠢᠳᠣᠷᠠᠯ ᠬᠦᠴᠢᠷᠲᠠᠢ ᠬᠦᠮᠦᠰ ᠪᠠ ᠬᠦᠨᠳᠦ ᠡᠪᠡᠳᠴᠢᠨ ᠲᠠᠢ ᠬᠦᠮᠦᠰ ᠲᠤ ᠲᠣᠰᠠ ᠳᠡᠮᠵᠢᠯᠭᠡ ᠪᠠ ᠵᠣᠷᠢᠭᠵᠢᠭᠤᠯᠣᠯ | ᠬᠦᠷᠭᠡᠵᠦ᠂ ᠠᠮᠢ ᠠᠬᠤᠢ ᠶᠢᠨ ᠪᠣᠯᠪᠠᠰᠣᠨ ᠤ ᠪᠥᠲᠦᠭᠡᠨ ᠪᠠᠶᠢᠭᠤᠯᠣᠯᠲᠠ ᠪᠠ ᠬᠠᠶᠢᠷ᠎ᠠ ᠬᠠᠯᠠᠮᠵᠢ ᠶᠢᠨ ᠦᠢᠯᠡᠰ ᠲᠤ ᠬᠦᠴᠦ | ᠪᠠᠨ ᠡᠷᠭᠦᠵᠤ ᠶᠠᠪᠣᠭ᠎ᠠ ᠪᠢᠯᠡ᠃ | |