ᠣᠯᠠᠭᠠᠨᠬᠠᠭᠠᠯᠭ᠎ᠠ ᠰᠤᠮᠤ ︽ᠠᠯᠲᠠᠨ ᠬᠠᠶᠢᠷᠠᠭᠤᠴᠠᠢ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠠ
ᠨᠡᠶᠢᠲᠡᠯᠡᠭᠰᠡᠨ ᠴᠠᠭ᠄
2023/5/31
  ᠣᠯᠠᠭᠠᠨᠬᠠᠭᠠᠯᠭ᠎ᠠ ᠰᠤᠮᠤ ︽ᠠᠯᠲᠠᠨ ᠬᠠᠶᠢᠷᠠᠭᠤᠴᠠᠢ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠠ           ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ  ᠨᠠᠶᠢᠳᠠᠪᠣᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂  ᠬᠤᠰᠢᠭᠤ ᠨᠠᠮ ᠤᠨ  ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠦᠷᠭᠦᠯᠵᠢᠯᠡᠨ ᠠᠬᠢᠭᠤᠯᠬᠤ ᠶᠢᠨ ᠲᠣᠰᠠᠳᠠ᠂ 5 ᠰᠠᠷ᠎ᠠ ᠶᠢᠨ 16 ᠤ ᠦᠳᠡ ᠶᠢᠨ ᠬᠤᠶᠢᠨ᠎ᠠ᠂  ᠣᠯᠠᠭᠠᠨᠬᠠᠭᠠᠯᠭ᠎ᠠ ᠰᠤᠮᠤ ︽ᠠᠯᠲᠠᠨ ᠬᠠᠶᠢᠷᠠᠭᠤᠴᠠᠢ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠠ᠃  ᠠᠵᠢᠯᠯᠠᠭ᠎ᠠ ᠳᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠭᠡᠳᠦ ᠵᠡᠷᠭᠡ ᠶᠢᠨ  ᠪᠠᠭᠰᠢ᠂ ︽ᠠᠯᠲᠠᠨ ᠬᠠᠶᠢᠷᠠᠭᠤᠴᠠᠢ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠥᠯᠬᠦᠮ ᠤᠨ ᠭᠡᠰᠢᠭᠦᠨ ᠦ᠋ ᠯᠢ ᠵᠢᠶᠧ  ᠪᠠᠭᠰᠢ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠤᠣᠯ ᠱᠤᠭᠤᠮ ᠤᠨ ᠲᠣᠭᠤᠷᠢᠨ ᠳᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ︾ ᠶᠢᠨ ᠦᠨᠳᠦᠰᠦᠨ ᠪᠠᠲᠤᠯᠠᠭ᠎ᠠ᠂ ᠭᠤᠣᠯ ᠠᠭᠤᠯᠭ᠎ᠠ ᠪᠣᠯᠣᠨ ᠳᠣᠲᠣᠭᠠᠳᠤ ᠱᠠᠭᠠᠷᠳᠠᠯᠭ᠎ᠠ ᠵᠡᠷᠭᠡ ᠠᠭᠤᠯᠭ᠎ᠠ ᠳᠤ ᠠᠮᠢᠳᠤᠯᠢᠭ  ᠪᠤᠲᠠᠲᠠᠢ ᠲᠠᠶᠢᠯᠤᠮᠵᠢ ᠬᠢᠵᠦ᠂ ᠥᠷᠭᠡᠨ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠢ ᠣᠶᠢᠯᠠᠭᠠᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂  ᠡᠯ᠎ᠡ‌ᠦᠨᠳᠦᠰᠦᠲᠡᠨ  ᠨᠢᠭᠡ ᠭᠡᠷ  ᠮᠡᠲᠦ  ᠲᠤᠲᠤᠨᠤ ᠪᠠᠶᠢᠵᠤ᠂  ᠬᠠᠷᠢᠯᠴᠠᠨ ᠪᠥᠯᠬᠦᠮᠳᠡᠵᠦ᠂ ᠬᠠᠷᠢᠯᠴᠠᠨ ᠬᠠᠪᠰᠣᠷᠣᠯᠴᠠᠵᠤ᠂ ᠬᠠᠮᠲᠤᠪᠡᠷ ᠳᠠᠪᠰᠢᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠦᠨᠳᠦᠰᠦᠲᠡᠨ ᠨᠦᠭᠦᠳ ︽ᠠᠨᠠᠷ ᠤᠨ ᠦᠷ᠎ᠡ  ︾ ᠰᠢᠭ  ᠨᠢᠭᠲᠠᠷᠠᠨ ᠪᠦᠯᠬᠦᠮᠳᠡᠬᠦ ᠶᠢ ᠬᠥᠲᠥᠯᠥᠨ ᠳᠠᠭᠠᠭᠤᠯᠵᠠᠢ᠃    ᠠᠶᠢᠮᠠᠭ ᠤᠨ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠥᠮᠥᠨ ᠪᠣᠯᠣᠨ  ︽ᠤᠯᠤᠰ ᠤᠨ ᠬᠡᠦᠬᠡᠳ︾  ᠠᠴᠠ  ᠲᠣᠰ ᠪᠡᠶ᠎ᠡ ᠶᠢᠨ ᠥᠩᠭᠡᠷᠡᠯᠲᠡ ᠪᠠᠷ ᠢᠶᠠᠨ ᠵᠢᠱᠢᠶ᠎ᠡ ᠪᠣᠯᠭᠠᠵᠤ᠂  ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠲᠤᠭᠤᠷᠢᠨ ᠳᠤ ᠴᠢᠯᠦᠭᠡᠲᠡᠢ ᠶᠠᠷᠢᠯᠴᠠᠵᠤ᠂ ᠡᠯ᠎ᠡ ᠦᠨᠳᠦᠰᠦᠲᠡᠨ ᠨᠦᠭᠦᠳ ᠤᠨ ᠬᠥᠪᠡᠭᠦᠳ ᠥᠬᠢᠳ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠪᠣᠯᠣᠨ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠲᠤᠶᠠᠭᠠᠯᠠᠯ ᠳᠣᠣᠷ᠎ᠠ᠂ ᠪᠥᠯᠬᠦᠮᠳᠡᠨ ᠲᠡᠮᠡᠴᠡᠵᠦ᠂ ᠬᠠᠮᠲᠤᠪᠡᠷ ᠣᠷᠣᠭᠰᠢᠯᠠᠨ ᠳᠠᠪᠰᠢᠬᠤ ᠶᠢ ᠣᠷᠢᠶᠠᠯᠠᠭᠰᠠᠨ ᠪᠠᠶᠢᠨ᠎ᠠ᠃      ᠤᠬᠠᠭᠤᠯᠤᠨ ᠲᠠᠶᠢᠯᠪᠤᠷᠢᠯᠠᠯᠲᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠠᠮᠢ ᠠᠬᠤᠢ ᠶᠢᠨ ᠪᠣᠯᠪᠠᠰᠤᠨ ᠤ  ᠦᠵᠡᠭᠦᠯᠦᠯᠭᠡ᠂ ᠨᠡᠶᠢᠲᠡ ᠶᠢᠨ ᠠᠰᠠᠷᠠᠮᠵᠢ ᠶᠢᠨ ᠺᠢᠨᠣ᠋  ᠶᠢ ᠬᠠᠮᠲᠤ ᠰᠣᠨᠢᠷᠬᠠᠵᠠᠢ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号