ᠪᠠᠶᠠᠠᠭᠤᠤᠯ ᠭᠠᠴᠠᠭ᠎ᠠ ᠲᠡᠯᠡᠬᠡᠢ ᠶᠢᠨ ᠨᠤᠮ ᠤᠩᠰᠢᠬᠤ ᠡᠳᠦᠷ ᠢ ᠪᠡᠯᠭᠡᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/5/4
   ᠪᠠᠶᠠᠠᠭᠤᠤᠯ ᠭᠠᠴᠠᠭ᠎ᠠ ᠲᠡᠯᠡᠬᠡᠢ ᠶᠢᠨ ᠨᠤᠮ ᠤᠩᠰᠢᠬᠤ ᠡᠳᠦᠷ ᠢ ᠪᠡᠯᠭᠡᠯᠡᠬᠦ ᠠᠵᠢᠯᠯᠠᠭ᠎ᠠ ᠦᠷᠨᠢᠭᠦᠯᠪᠡ                         4 ᠰᠠᠷ᠎ᠠ ᠶᠢᠨ 22 ᠤ ᠡᠳᠦᠷ᠂ ᠵᠢᠷᠡᠡᠭᠤᠤᠯ ᠪᠠᠯᠭᠠᠰᠤᠨ ᠤ ᠪᠠᠶᠠᠠᠭᠤᠤᠯ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠲᠡᠯᠡᠬᠡᠢ ᠶᠢᠨ ᠨᠤᠮ ᠤᠩᠰᠢᠬᠤ ᠡᠳᠦᠷ ᠢ ᠪᠡᠯᠭᠡᠯᠡᠬᠦ ᠠᠵᠢᠯᠯᠠᠭ᠎ᠠ ᠦᠷᠨᠢᠭᠦᠯᠪᠡ᠃   ᠠᠵᠢᠯᠯᠠᠭ᠎ᠠ ᠳᠤ ᠨᠤᠮ ᠪᠢᠴᠢᠭ ᠲᠤ ᠲᠤᠷ᠎ᠠ ᠪᠠᠭ᠋ᠠᠳᠠᠢ ᠮᠠᠯᠴᠢᠨ ᠵᠠᠯᠠᠭᠤᠴᠤᠳ ᠠᠴᠠ ᠤᠷᠠᠨ ᠵᠤᠬᠢᠶᠠᠯ᠂ ᠠᠮᠵᠢᠯᠳᠠ ᠶᠢᠨ ᠬᠦᠳᠦᠴᠢ ᠵᠡᠷᠭᠡ ᠠᠭᠤᠯᠭ᠎ᠠ ᠰᠡᠳᠦᠪ ᠪᠦᠬᠦᠢ ᠨᠤᠮ ᠵᠤᠬᠢᠶᠠᠯ ᠢ ᠲᠠᠨᠢᠯᠴᠠᠭᠤᠯᠤᠨ ᠡᠷᠳᠡᠮ ᠤᠬᠠᠭᠠᠨ ᠤ ᠭᠠᠶᠢᠬᠠᠮᠰᠢᠭ ᠢ ᠤᠯᠠᠨ ᠲᠠᠢ ᠪᠠᠨ ᠬᠤᠪᠢᠶᠠᠯᠴᠠᠭᠰᠠᠨ ᠤ ᠬᠠᠮᠳᠤ᠂ ᠰᠤᠷᠤᠭᠴᠢᠳ ᠤᠨ ᠵᠦᠪ ᠪᠢᠴᠢᠯᠭᠡ ᠶᠢᠨ ᠤᠷᠤᠯᠳᠤᠭᠠᠨ᠂ ︽ᠮᠤᠩᠭᠤᠯ ᠤᠨ ᠨᠢᠭᠤᠴᠠ ᠲᠤᠪᠴᠢᠶᠠᠨ︾ ᠲᠠᠨᠢᠨ ᠮᠡᠳᠡᠬᠦᠢ ᠶᠢᠨ ᠬᠦᠯᠭᠡᠳᠦ ᠲᠤᠭᠯᠠᠭᠠᠮ ᠤᠨ ᠮᠦᠷᠦᠶᠢᠴᠡᠭᠡᠨ᠂ ᠵᠠᠯᠠᠭᠤᠴᠤᠳ ᠤᠨ ︽ᠪᠢ ᠮᠡᠳᠡᠨ᠎ᠡ︾ ᠠᠰᠠᠭᠤᠯᠳᠠ ᠬᠠᠷᠢᠭᠤᠯᠳᠠ ᠶᠢᠨ ᠤᠷᠤᠯᠳᠤᠭᠠᠨ ᠡᠷᠬᠢᠯᠡᠨ ᠶᠠᠪᠤᠭᠳᠠᠭᠤᠯᠵᠤ ᠬᠦᠮᠦᠨ ᠠᠷᠠᠳ ᠢᠶᠠᠨ ᠨᠤᠮ ᠪᠢᠴᠢᠭ ᠢ ᠡᠷᠬᠢᠮᠯᠡᠨ ᠤᠩᠰᠢᠬᠤ ᠶᠢ ᠤᠷᠢᠶᠠᠯᠠᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号