ᠭᠤᠷᠤᠬᠠᠨ ᠪᠠᠯᠭᠠᠰᠣ ︽  ᠭᠤᠷᠤᠬᠠᠨ ᠭᠤᠣᠯ︾  ᠴᠠᠭᠠᠨ ᠢᠳᠡᠭᠡᠨ ᠤ ᠦᠵᠡᠭᠦᠯᠦᠯᠭᠡ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/5/6
  ᠭᠤᠷᠤᠬᠠᠨ ᠪᠠᠯᠭᠠᠰᠣ ︽ ᠭᠤᠷᠤᠬᠠᠨ ᠭᠤᠣᠯ︾  ᠴᠠᠭᠠᠨ ᠢᠳᠡᠭᠡᠨ ᠤ ᠦᠵᠡᠭᠦᠯᠦᠯᠭᠡ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠪᠠ                       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠬᠥᠳᠡᠭᠡ ᠲᠣᠰᠬᠤᠨ ᠮᠠᠯᠵᠢᠬᠤ ᠣᠷᠣᠨ ᠤ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠮᠠᠯᠴᠢᠳ ᠤᠨ ᠣᠷᠣᠯᠭ᠎ᠠ  ᠶᠢ ᠨᠡᠮᠡᠭᠳᠡᠭᠦᠯᠦᠨ  ᠪᠠᠶᠠᠵᠢᠯ ᠤᠨ ᠵᠠᠮ ᠢ ᠥᠷᠭᠡᠳᠬᠡᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠤᠰᠠᠳᠠ᠂   ᠬᠥᠳᠡᠯᠮᠦᠷᠢᠴᠢᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ 4 ᠰᠠᠷ᠎ᠠ ᠶᠢᠨ 25  ᠤ ᠡᠳᠦᠷ᠂ ᠭᠤᠷᠤᠬᠠᠨ ᠪᠠᠯᠭᠠᠰᠣ  ᠨᠤᠲᠤᠭ ᠣᠷᠣᠨ ᠤ ᠢᠳᠡᠭᠡᠨ ᠤᠮᠳᠠᠭᠠᠨ ᠤ ᠰᠣᠶᠣᠯ ᠪᠣᠯᠣᠨ ᠠᠵᠤ ᠦᠢᠯᠡᠰ ᠤᠨ ᠣᠨᠴᠠᠯᠢᠭ ᠲᠠᠢ ᠪᠠᠨ ᠤᠶᠠᠯᠳᠤᠭᠤᠯᠵᠤ᠂  ︽ᠭᠤᠷᠤᠬᠠᠨ ᠭᠤᠣᠯ︾ ᠴᠠᠭᠠᠨ ᠢᠳᠡᠭᠡᠨ ᠤ ᠦᠵᠡᠭᠦᠯᠦᠯᠭᠡ ᠶᠢᠨ ᠤᠷᠤᠯᠳᠤᠭᠠᠨ ᠢ  ᠡᠷᠬᠢᠯᠡᠨ ᠶᠠᠪᠤᠭᠳᠠᠭᠤᠯᠪᠠ᠃ ᠣᠷᠣᠯᠳᠣᠭᠠᠨ ᠳᠤ᠂ ᠪᠥᠬᠦ ᠪᠠᠯᠭᠠᠰᠤᠨ ᠤ ᠴᠠᠭᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯ ᠡᠷᠭᠢᠯᠡᠵᠦ ᠪᠠᠶᠢᠭ᠎ᠠ 10 ᠮᠠᠯᠴᠢᠨ ᠡᠷᠦᠬᠡ  ᠢᠳᠡᠪᠬᠢᠲᠡᠢ ᠪᠠᠷ ᠨᠡᠷ᠎ᠡ ᠮᠡᠳᠡᠭᠦᠯᠦᠨ  ᠣᠷᠣᠯᠴᠠᠵᠤ᠂ ᠤᠷᠤᠯᠳᠤᠭᠠᠨ ᠳᠤ ᠣᠷᠣᠯᠴᠠᠭᠰᠠᠳ  ᠴᠠᠭᠠᠨ ᠢᠳᠡᠭᠡᠨ ᠤ ᠲᠥᠷᠥᠯ ᠵᠦᠢᠯ᠂  ᠠᠮᠲᠠ ᠰᠢᠮᠲᠡ ᠶᠢᠨ ᠣᠨᠴᠠᠯᠢᠭ᠂ ᠦᠢᠯᠡᠳᠬᠦ ᠤᠷᠠᠯᠠᠯ᠂ ᠵᠠᠬ᠎ᠠ ᠳᠡᠯᠭᠡᠭᠦᠷᠴᠢᠯᠡᠭᠰᠡᠨ ᠬᠢᠷᠢ ᠬᠡᠮᠵᠢᠶ᠎ᠡ᠂ ᠡᠵᠡᠩᠨᠡᠯᠲᠡ ᠶᠢᠨ ᠣᠷᠣᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠠᠨᠢᠯᠴᠠᠭᠤᠯᠬᠤ ᠶᠢᠨ ᠬᠠᠮᠲᠤ  ᠳᠡᠯᠭᠡᠨ ᠦᠵᠡᠭᠦᠯᠦᠯᠭᠡ  ᠬᠢᠪᠡ᠃ᠤᠷᠤᠯᠳᠤᠭᠠᠨ ᠤ ᠳᠠᠷᠠᠭ᠎ᠠ᠂ ᠲᠣᠰ ᠤᠳᠠᠭᠠᠨ ᠤ ᠠᠵᠢᠯᠯᠠᠭ᠎ᠠ ᠳᠤ ᠳ᠋ᠦᠩᠨᠡᠯᠲᠡ ᠬᠢᠵᠦ᠂ ᠤᠷᠤᠯᠳᠤᠭᠠᠨ ᠳᠤ ᠣᠷᠣᠯᠴᠠᠭᠰᠠᠳ ᠬᠠᠷᠢᠯᠴᠠᠨ ᠲᠤᠷᠰᠢᠯᠭ᠎ᠠ ᠪᠠᠨ ᠰᠣᠯᠢᠯᠴᠠᠨ᠂  ᠴᠠᠭᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠰᠢᠨ᠎ᠡ ᠰᠡᠳᠬᠢᠮᠵᠢ᠂ ᠰᠢᠨ᠎ᠡ ᠴᠢᠭᠯᠡᠯ  ᠤᠨ ᠲᠤᠭᠤᠷᠢᠨ ᠳᠤ  ᠴᠢᠯᠦᠭᠡᠲᠡᠢ ᠶᠠᠷᠢᠯᠴᠠᠵᠠᠢ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号