ᠡᠪᠦᠯ ᠬᠠᠪᠤᠷ ᠤᠨ ᠪᠣᠷᠳᠤᠭ᠎ᠠ ᠪᠠᠨ ᠥᠪᠡᠷ ᠢᠶᠠᠨ ᠨᠠᠶᠢᠷᠠᠪᠠ
ᠨᠡᠶᠢᠲᠡᠯᠡᠭᠰᠡᠨ ᠴᠠᠭ᠄
2023/5/9
           ᠡᠪᠦᠯ ᠬᠠᠪᠤᠷ ᠤᠨ ᠪᠣᠷᠳᠤᠭ᠎ᠠ ᠪᠠᠨ ᠥᠪᠡᠷ ᠢᠶᠠᠨ ᠨᠠᠶᠢᠷᠠᠪᠠ     ᠤᠷᠬᠢᠯ ᠪᠣᠯ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ ᠰᠢᠨᠡᠪᠤᠯᠠᠭ ᠭᠠᠴᠠᠭᠠᠨ ᠤ ᠮᠠᠯᠴᠢᠨ᠂ ᠮᠥᠨ ᠴᠦ ᠦᠵᠦᠮᠦᠴᠢᠨ ᠬᠤᠴᠠ ᠰᠣᠩᠭᠤᠨ ᠪᠣᠶᠢᠵᠢᠭᠤᠯᠬᠤ ᠲᠤᠰᠬᠠᠢ ᠡᠷᠦᠭᠡ ᠶᠢᠨ ᠨᠢᠭᠡ  ᠨᠢ ᠪᠢᠯᠡ᠃ ᠡᠪᠦᠯ ᠬᠠᠪᠤᠷ ᠤᠨ ᠤᠯᠠᠷᠢᠯ ᠳᠤ ᠮᠠᠯᠴᠢᠳ ᠮᠠᠯ ᠰᠦᠷᠦᠭ ᠢᠶᠠᠨ ᠡᠪᠡᠰᠦᠯᠡᠬᠦ ᠶᠢᠨ ᠳᠠᠭᠠᠤ ᠪᠠᠰᠠ ᠪᠣᠷᠳᠣᠳᠠᠭ᠃ ᠤᠷᠬᠢᠯ ᠤᠨ ᠬᠢᠨ ᠴᠤ ᠵᠢᠯ ᠪᠣᠯᠭᠠᠨ ᠪᠠᠭ᠎ᠠ ᠪᠤᠰᠤ ᠪᠣᠷᠳᠤᠭ᠎ᠠ ᠬᠤᠳᠠᠯᠳᠤᠨ ᠠᠪᠲᠠᠭ ᠪᠥᠭᠡᠳ ᠬᠠᠶᠠ ᠵᠠᠷᠢᠮ ᠳᠠᠭᠠᠨ ᠴᠢᠨᠠᠷ ᠤᠨ ᠲᠠᠯ᠎ᠠ ᠪᠠᠷ ᠠᠰᠠᠭᠤᠳᠠᠯ ᠲᠠᠢ ᠪᠣᠷᠳᠤᠭ᠎ᠠ ᠴᠤ ᠬᠠᠷᠭᠤᠳᠠᠭ ᠪᠠᠶᠢᠯ᠎ᠠ᠃      ᠣᠶᠢᠷ᠎ᠠ ᠶᠢᠨ ᠵᠢᠯ ᠠᠴᠠ ᠪᠣᠷᠳᠤᠭ᠎ᠠ ᠶᠢᠨ ᠦᠨ᠎ᠡ ᠬᠠᠩᠰᠢ ᠥᠰᠦᠭᠰᠡᠨ ᠵᠡᠷᠭᠡ ᠤᠯᠠᠨ ᠲᠠᠯ᠎ᠠ ᠶᠢᠨ ᠰᠢᠯᠲᠠᠭᠠᠨ ᠠᠴᠠ ᠪᠣᠯᠵᠤ᠂ ᠤᠷᠬᠢᠯ ᠥᠪᠡᠷ ᠢᠶᠠᠨ ᠰᠢᠮ᠎ᠡ ᠲᠡᠵᠢᠭᠡᠯ ᠲᠠᠢ ᠴᠢᠨᠠᠷ ᠰᠠᠶᠢᠲᠠᠢ ᠪᠣᠷᠳᠤᠭ᠎ᠠ ᠨᠠᠶᠢᠷᠠᠬᠤ ᠪᠠᠷ ᠵᠣᠷᠢᠭ ᠰᠢᠭᠤᠳᠴᠤ᠂ ᠥᠩᠭᠡᠷᠡᠭᠰᠡᠨ ᠨᠠᠮᠤᠷ ᠪᠠᠭ᠎ᠠ ᠬᠡᠮᠵᠢᠶᠡᠨ ᠤ ᠪᠡᠯᠡ ᠮᠥᠩᠭᠦ ᠵᠠᠷᠤᠴᠠᠭᠤᠯᠤᠨ ᠪᠣᠷᠳᠤᠭ᠎ᠠ ᠨᠠᠶᠢᠷᠠᠬᠤ ᠮᠠᠰᠢᠨ ᠬᠤᠳᠠᠯᠳᠤᠨ ᠠᠪᠴᠠᠢ᠃ ᠲᠠᠬᠡᠬᠡᠤᠨ ᠲᠡᠷᠡ ᠲᠤᠰᠬᠠᠢ ᠮᠡᠷᠭᠡᠵᠢᠯ ᠤᠨ ᠬᠥᠮᠥᠨ ᠠᠴᠠ ᠵᠥᠪᠯᠡᠯᠭᠡ ᠠᠪᠴᠤ᠂ ᠡᠷᠳᠡᠨᠢ ᠰᠢᠰᠢ ᠶᠢ 60% ᠶᠢᠨ ᠬᠠᠷᠢᠴᠠᠯ ᠢᠶᠠᠷ ᠨᠡᠮᠡᠵᠦ᠂ ᠳᠡᠭᠡᠷ᠎ᠡ ᠨᠢ ᠨᠠᠷᠠᠡ ᠬᠤᠸᠠᠷ ᠤᠨ ᠲᠤᠰᠤᠡ ᠤ ᠰᠢᠬᠠᠮᠠᠯ ᠵᠡᠷᠭᠡ ᠰᠢᠮ᠎ᠡ ᠲᠡᠵᠢᠭᠡᠯ ᠲᠠᠢ ᠵᠦᠢᠯᠡᠰ ᠢ ᠵᠣᠬᠢᠬᠤ ᠬᠠᠷᠢᠴᠠᠯ ᠢᠶᠠᠷ ᠨᠡᠮᠡᠬᠦ ᠶᠢᠨ ᠳᠠᠭᠠᠤ ᠪᠠᠰᠠ ᠮᠠᠯ ᠤᠨ ᠪᠡᠶ᠎ᠡ ᠳᠤ ᠲᠤᠲᠠᠭᠳᠠᠵᠤ ᠪᠠᠶᠢᠭ᠎ᠠ ᠵᠦᠢᠯᠡᠰ ᠢ ᠨᠡᠮᠡᠯᠲᠡ ᠡᠳ᠋ ᠪᠣᠯᠭᠠᠵᠤ᠂ ᠥᠪᠡᠷ ᠢᠶᠠᠨ ᠴᠢᠨᠠᠷ ᠰᠠᠶᠢᠲᠠᠢ ᠪᠣᠷᠳᠤᠭ᠎ᠠ ᠨᠠᠶᠢᠷᠠᠵᠠᠢ᠃          ᠲᠡᠷᠡ ᠡᠨᠡ ᠵᠢᠯ ᠤᠨ ᠡᠪᠦᠯᠵᠢᠭᠦᠯᠦᠭᠰᠡᠨ ᠳᠥᠴᠢᠭᠡᠳ ᠠᠳᠤᠭᠤ᠂ ᠭᠤᠴᠢᠭᠠᠳ ᠦᠬᠡᠷ᠂ 370 ᠭᠠᠷᠤᠢ ᠬᠤᠨᠢ᠂ 230 ᠭᠠᠷᠤᠢ ᠬᠤᠴᠠ᠂ 80 ᠢᠮᠠᠭ᠎ᠠ ᠳᠠᠭᠠᠨ ᠬᠦᠷᠦᠯᠴᠡᠭᠡᠲᠡᠢ ᠪᠣᠷᠳᠤᠭ᠎ᠠ ᠨᠠᠶᠢᠷᠠᠬᠤ ᠶᠢᠨ ᠳᠠᠭᠠᠤ ᠳᠤᠨᠢ ᠪᠠᠰᠠ ᠴᠢᠯᠦᠭᠡ ᠵᠠᠪ ᠢᠶᠠᠷ ᠢᠶᠠᠨ ᠵᠡᠷᠭᠡᠯᠡᠳᠡᠭᠡ ᠠᠶᠢᠯ ᠳᠠᠭᠠᠨ ᠦᠨ᠎ᠡ ᠬᠠᠩᠰᠢ ᠬᠢᠮᠳᠠ ᠴᠢᠨᠠᠷ ᠰᠠᠶᠢᠲᠠᠢ ᠪᠣᠷᠳᠤᠭ᠎ᠠ ᠨᠠᠶᠢᠷᠠᠨ ᠥᠭᠴᠦ ᠮᠠᠯ ᠰᠦᠷᠦᠭ ᠢᠶᠠᠨ ᠲᠠᠷᠭᠤᠨ ᠲᠠᠪᠠᠲᠠᠢ ᠡᠪᠦᠯᠵᠢᠭᠦᠯᠬᠦ ᠳᠤᠨᠢ ᠶᠡᠬᠡᠬᠡᠨ ᠲᠦᠬᠦᠮ ᠦᠵᠡᠭᠦᠯᠪᠡ᠃ ᠤᠷᠬᠢᠯ᠄ ︽ᠪᠢ ᠥᠪᠡᠷ ᠤᠨ ᠨᠠᠶᠢᠷᠠᠭᠰᠠᠨ ᠪᠣᠷᠳᠤᠭ᠎ᠠ ᠪᠠᠷ ᠢᠶᠠᠨ ᠮᠠᠯ ᠢᠶᠠᠨ ᠪᠣᠷᠳᠣᠵᠤ ᠦᠵᠡᠯ᠎ᠡ᠃ ᠣᠪᠣᠭ᠎ᠠ ᠵᠦᠭᠡᠷ ᠪᠠᠶᠢᠨ᠎ᠠ᠃ ᠴᠠᠭᠠᠨ ᠰᠠᠷ᠎ᠠ ᠭᠠᠷᠤᠭᠠᠳ ᠵᠠᠪ ᠴᠢᠯᠦᠭᠡ ᠪᠠᠷ ᠢᠶᠠᠨ ᠪᠣᠷᠳᠤᠭ᠎ᠠ ᠪᠠᠨ ᠦᠷᠭᠦᠯᠵᠢᠯᠡᠨ ᠨᠠᠶᠢᠷᠠᠵᠤ᠂ ᠣᠶᠢᠷ᠎ᠠ ᠬᠠᠪᠢ ᠶᠢᠨ ᠪᠣᠷᠳᠤᠭ᠎ᠠ ᠠᠪᠬᠤ ᠠᠶᠢᠯ ᠤᠳ ᠲᠠᠭᠠᠨ ᠥᠭᠴᠦ᠂ ᠲᠡᠳᠡᠨᠡᠷ ᠢᠶᠠᠷ ᠲᠤᠷᠰᠢᠨ ᠬᠡᠷᠡᠭᠯᠡᠭᠦᠯᠵᠦ ᠦᠵᠡᠶ᠎ᠡ ᠭᠡᠵᠦ ᠪᠤᠲᠤᠵᠤ ᠪᠠᠶᠢᠨ᠎ᠠ︾ ᠭᠡᠵᠦ ᠪᠠᠶᠠᠷᠲᠠᠶᠢᠬᠠᠨ ᠶᠠᠷᠢᠨ᠎ᠠ᠃           2005 ᠣᠨ ᠳᠤ ᠠᠶᠢᠯ ᠭᠡᠷ ᠪᠣᠯᠤᠭᠰᠠᠨ ᠤᠷᠬᠢᠯ ᠰᠠᠭᠤᠷᠢ ᠪᠦᠲᠦᠭᠡᠨ ᠪᠠᠶᠢᠭᠤᠯᠤᠯᠲᠠ ᠪᠠᠨ ᠰᠠᠶᠢᠲᠤᠷ ᠬᠢᠵᠦ᠂ ᠤᠲᠤ ᠪᠣᠯᠬᠤ ᠳᠤ ᠨᠢᠭᠡᠨᠲᠡ ᠮᠢᠩᠭ᠎ᠠ ᠰᠢᠬᠠᠮ ᠮᠠᠯ ᠲᠠᠢ ᠴᠢᠨᠡᠭᠡᠯᠢᠭᠭᠡᠨ ᠠᠶᠢᠯ ᠪᠣᠯᠵᠠᠢ᠃ ᠲᠡᠷᠡ ᠦᠵᠦᠮᠦᠴᠢᠨ ᠬᠤᠨᠢᠡ ᠤ ᠪᠠᠨ ᠡᠭᠦᠯᠳᠡᠷ ᠢ ᠰᠠᠶᠢᠵᠢᠷᠠᠭᠤᠯᠤᠨ ᠴᠢᠨᠠᠷ ᠤᠨ ᠲᠠᠯ᠎ᠠ ᠶᠢ ᠶᠡᠭᠡ ᠠᠩᠬᠠᠷᠳᠠᠭ ᠠᠴᠠ ᠬᠤᠨᠢᠡ ᠤ ᠬᠢᠨᠢ ᠪᠡᠶ᠎ᠡ ᠪᠢᠯᠳᠠᠷ᠂ ᠶᠠᠰᠤ ᠴᠢᠨᠠᠷ ᠨᠢ ᠮᠠᠰᠢ ᠰᠠᠶᠢᠨ ᠪᠠᠶᠢᠳᠠᠭ᠃ 2016 ᠣᠨ ᠳᠤ ᠤᠷᠬᠢᠯ ᠪᠠᠰᠠ ᠬᠤᠭᠤᠯᠠᠲᠤ ᠶᠢᠨ ᠭᠤᠣᠯ ᠪᠠᠯᠭᠠᠰᠤᠨ ᠤ ᠪᠠᠨ ᠬᠥᠳᠡᠯᠮᠦᠷᠢ ᠶᠢᠨ ᠵᠢᠱᠢᠶᠡᠴᠢ ᠪᠠᠷ ᠰᠠᠶᠢᠰᠢᠶᠠᠭᠳᠠᠵᠤ᠂ ᠰᠢᠯᠢᠳᠡᠭ ᠮᠠᠯ ᠤᠨ ᠰᠢᠯᠭᠠᠷᠠᠭᠤᠯᠤᠯᠲᠠ ᠳᠤ ᠴᠦ ᠰᠠᠶᠢᠨ ᠬᠢᠷᠢ ᠪᠦᠲᠦᠮᠵᠢ ᠣᠯᠣᠭᠰᠠᠨ ᠪᠢᠯᠡ᠃ ᠤᠷᠬᠢᠯ᠂ ᠤᠬᠠᠭᠠᠨ ᠲᠠᠮᠢᠷ ᠤᠶᠢᠭ᠎ᠠ ᠦᠭᠡᠢ ᠬᠥᠳᠡᠯᠮᠦᠷᠢ ᠳᠡᠭᠡᠨ ᠲᠦᠰᠢᠭᠯᠡᠨ ᠮᠠᠯᠴᠢᠳ ᠤᠨ ᠢᠶᠠᠨ ᠳᠤᠮᠳᠠ ᠬᠡᠪ ᠳᠠᠭᠤᠷᠢᠶᠠᠯ ᠨᠢ ᠪᠣᠯᠵᠤ᠂ ᠪᠠᠶᠠᠨ ᠰᠦᠷᠦᠭ ᠲᠠᠢ᠂ ᠴᠢᠨᠡᠭᠡᠯᠢᠭ ᠠᠮᠢᠳᠤᠷᠠᠯ ᠲᠠᠢ ᠬᠠᠩᠬᠤᠯᠤᠭᠤᠨ ᠠᠵᠤ ᠲᠦᠷᠦᠵᠦ ᠪᠠᠶᠢᠨ᠎ᠠ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号