ᠵᠢᠷ ᠤᠨ ᠭᠤᠤᠯ ᠪᠠᠯᠭᠠᠰᠤᠨ ᠤ ᠪᠠᠶᠠᠨᠲᠠᠯ᠎ᠠ ᠭᠠᠴᠠᠭ᠎ᠠ ᠳᠣᠯᠣᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ ᠶᠢᠨ ᠢᠷᠠᠭᠤ ᠠᠯᠳᠠᠷ  ᠢ ᠬᠦᠷᠲᠡᠪᠡ
ᠨᠡᠶᠢᠲᠡᠯᠡᠭᠰᠡᠨ ᠴᠠᠭ᠄
2023/6/1
ᠵᠢᠷ ᠤᠨ ᠭᠤᠤᠯ  ᠪᠠᠯᠭᠠᠰᠤᠨ ᠤ ᠪᠠᠶᠠᠨᠲᠠᠯ᠎ᠠ ᠭᠠᠴᠠᠭ᠎ᠠ ᠳᠣᠯᠣᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ ᠶᠢᠨ ᠢᠷᠠᠭᠤ ᠠᠯᠳᠠᠷ  ᠢ ᠬᠦᠷᠲᠡᠪᠡ                                    5 ᠰᠠᠷ᠎ᠠ ᠶᠢᠨ 17 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠳᠣᠯᠣᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ  ᠪᠠᠯᠭᠠᠰᠤᠨ ᠳᠤ ᠫᠠᠶᠢᠰᠠ ᠣᠯᠭᠤᠬᠤ ᠶᠣᠰᠣᠯᠠᠯ ᠵᠢᠷ ᠤᠨ ᠭᠤᠤᠯ  ᠪᠠᠯᠭᠠᠰᠤᠨ ᠤ ᠪᠠᠶᠠᠨᠲᠠᠯ᠎ᠠ  ᠭᠠᠴᠠᠭᠠᠨ ᠳᠤ ᠶᠠᠪᠤᠭᠳᠠᠪᠠ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠬᠤᠰᠢᠭᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂  ᠵᠢᠷ ᠤᠨ ᠭᠤᠤᠯ ᠪᠠᠯᠭᠠᠰᠤᠨ ᠤ  ᠬᠠᠮᠢᠶᠠᠳᠠᠢ ᠬᠠᠷᠢᠭᠤᠴᠠᠯᠭᠠᠲᠠᠨ ᠵᠢᠴᠢ ᠪᠠᠶᠠᠨᠲᠠᠯ᠎ᠠ ᠭᠠᠴᠠᠭᠠᠨ ᠤ ᠡᠬᠦᠷ ᠵᠥᠪᠯᠡᠯ ᠤᠨ ᠤᠳᠤᠷᠢᠳᠬᠤ ᠪᠠᠭ ᠤᠨ ᠭᠡᠰᠢᠭᠦᠨ᠂ ᠬᠡᠰᠡᠭ ᠨᠠᠮ ᠤᠨ ᠭᠡᠰᠢᠭᠦᠨ ᠪᠠ ᠮᠠᠯᠴᠢᠳ ᠤᠨ ᠲᠥᠯᠥᠭᠡᠯᠡᠭᠴᠢ ᠫᠠᠶᠢᠰᠠ ᠣᠯᠭᠤᠬᠤ ᠶᠣᠰᠣᠯᠠᠯ ᠳᠤ ᠣᠷᠣᠯᠴᠠᠪᠠ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠠᠴᠠ ᠳᠣᠯᠣᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ ᠶᠢᠨ ᠢᠷᠠᠭᠤ ᠠᠯᠳᠠᠷ ᠢ ᠭᠥᠷᠳᠡᠭᠰᠡᠨ ᠪᠠᠶᠠᠨᠲᠠᠯ᠎ᠠ ᠭᠠᠴᠠᠭᠠᠨ ᠳᠤ ᠫᠠᠶᠢᠰᠠ ᠣᠯᠭᠤᠭᠰᠠᠨ ᠪᠥᠭᠡᠳ  ᠪᠠᠶᠠᠷ ᠬᠦᠷᠭᠡᠵᠦ  ᠂ ᠬᠤᠶᠢᠰᠢᠲᠠ ᠦᠷᠬᠦᠯᠵᠢᠯᠡᠨ ᠰᠠᠶᠢᠲᠤᠷ ᠴᠢᠷᠮᠠᠶᠢᠵᠤ᠂ ᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠲᠤᠳᠬᠠᠵᠦ᠂ ᠬᠤᠷᠢᠮ ᠤᠨ  ᠶᠤᠰᠤ ᠵᠠᠩᠰᠢᠯ ᠪᠠ ᠣᠷᠣᠰᠢᠭᠤᠯᠭ᠎ᠠ ᠶᠢᠨ ᠬᠦᠷᠢᠶ᠎ᠡ ᠴᠠᠷ᠎ᠠ ᠳᠠᠬᠢ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠠᠬᠢᠭᠤᠯᠵᠤ᠂ ᠮᠠᠯᠵᠢᠬᠤ ᠣᠷᠣᠨ ᠤ ᠣᠶᠤᠨ ᠤ ᠪᠣᠯᠪᠠᠰᠤᠨ ᠤ ᠬᠡᠪ ᠪᠣᠯᠪᠠᠰᠤᠷᠠᠯ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠳᠤ ᠵᠢᠱᠢᠶᠡᠴᠢ ᠳᠠᠭᠤᠷᠢᠶᠠᠯ ᠤᠨ  ᠦᠢᠯᠡᠳᠦᠯ  ᠂ ᠬᠥᠲᠥᠯᠥᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠶᠢ ᠵᠣᠷᠢᠭᠵᠢᠭᠤᠯᠪᠠ᠃       ᠶᠣᠰᠣᠯᠠᠯ ᠤᠨ ᠳᠠᠷᠠᠭ᠎ᠠ᠂ ᠯᠢ ᠰᠢᠤᠸᠠᠢ ᠶᠢᠩ  ᠵᠢᠷ ᠤᠨ ᠭᠤᠤᠯ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ  ᠴᠡᠭ ᠵᠢᠴᠢ ᠬᠡᠰᠡᠭ  ᠥᠷᠲᠡᠭᠡᠨ ᠳᠤ ᠬᠦᠷᠴᠦ  ᠂ ᠦᠷᠳᠡᠭᠡ ᠴᠡᠭ ᠤᠨ ᠪᠠᠷᠢᠮᠵᠢᠶᠠᠵᠢᠭᠰᠠᠨ ᠪᠠᠶᠢᠭᠤᠯᠤᠯᠲᠠ᠂ ᠠᠵᠢᠯ ᠥᠷᠨᠢᠭᠦᠯᠦᠭᠰᠡᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠬᠠᠮᠲᠤᠪᠠᠷ ᠰᠤᠳᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ  ᠦᠷᠳᠡᠭᠡ ︵ᠴᠡᠭ︶  ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ ᠪᠦᠲᠦᠮᠵᠢᠲᠡᠢ ᠪᠠᠲᠤᠯᠠᠭ᠎ᠠ ᠬᠠᠩᠭᠠᠬᠤ ᠬᠡᠷᠡᠭᠲᠡᠢ ᠬᠡᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号