︽ᠲᠠᠩᠰᠤᠭ ᠠᠭᠤᠳᠠᠮ ᠲᠠᠯ᠎ᠠ ᠨᠤᠳᠤᠭ᠂ ᠪᠠᠭ᠋ᠠᠷᠣᠮ᠎ᠠ ᠰᠠᠶᠢᠬᠠᠨ ᠪᠠᠷᠠᠭᠤᠨ ᠦᠵᠦᠮᠦᠴᠢᠨ ᠳᠤ ᠪᠤᠯᠵᠤᠶ᠎ᠠ︾ ᠭᠤᠤᠯ ᠰᠠᠳᠣᠪᠳᠣ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2023/6/1
︽ᠲᠠᠩᠰᠤᠭ ᠠᠭᠤᠳᠠᠮ ᠲᠠᠯ᠎ᠠ ᠨᠤᠳᠤᠭ᠂ ᠪᠠᠭ᠋ᠠᠷᠣᠮ᠎ᠠ ᠰᠠᠶᠢᠬᠠᠨ ᠪᠠᠷᠠᠭᠤᠨ ᠦᠵᠦᠮᠦᠴᠢᠨ ᠳᠤ ᠪᠤᠯᠵᠤᠶ᠎ᠠ︾ ᠭᠤᠤᠯ ᠰᠠᠳᠣᠪᠳᠣ ᠠᠵᠢᠯᠯᠠᠭ᠎ᠠ ᠶᠠᠪᠤᠭᠳᠠᠯ᠎ᠠ                       5 ᠰᠠᠷ᠎ᠠ ᠶᠢᠨ 19 ᠤ ᠡᠳᠦᠷ᠂ 2023 ᠣᠨ ᠤ ᠪᠠᠷᠠᠭᠤᠨ ᠦᠵᠦᠮᠦᠴᠢᠨ ᠬᠤᠰᠢᠭᠤᠨ ᠤ ︽5.19 ᠳᠤᠮᠳᠠᠳᠤ ᠤᠯᠤᠰ ᠤᠨ  ᠵᠢᠭᠤᠯᠴᠢᠯᠠᠯ ᠤᠨ ᠡᠳᠦᠷ︾᠂ ︽ᠲᠠᠩᠰᠤᠭ ᠠᠭᠤᠳᠠᠮ ᠲᠠᠯ᠎ᠠ ᠨᠤᠳᠤᠭ᠂ ᠪᠠᠭ᠋ᠠᠷᠣᠮ᠎ᠠ ᠰᠠᠶᠢᠬᠠᠨ ᠪᠠᠷᠠᠭᠤᠨ ᠦᠵᠦᠮᠦᠴᠢᠨ ᠳᠤ ᠪᠤᠯᠵᠤᠶ᠎ᠠ︾  ᠭᠤᠣᠯ ᠰᠡᠳᠦᠪᠲᠦ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠤᠯᠠᠭᠠᠨᠬᠠᠯᠠᠭ᠎ᠠ ᠰᠤᠮᠤᠨ ᠤ  ᠰᠢᠨᠠᠭᠤᠤᠯ ᠨᠡᠭᠦᠳᠡᠯ ᠮᠠᠯᠵᠢᠯ ᠤᠨ ᠰᠣᠶᠣᠯ ᠤᠨ ᠭᠡᠷᠡᠯ ᠵᠢᠷᠤᠭ ᠤᠨ ᠰᠠᠭᠤᠷᠢᠨ ᠳᠤ ᠦᠪᠡᠳᠡᠭᠰᠢ ᠶᠡᠬᠡᠪᠡᠷ ᠶᠠᠪᠤᠭᠳᠠᠪᠠ᠃
    ᠡᠬᠢᠯᠡᠯᠲᠡ ᠶᠢᠨ ᠶᠣᠰᠣᠯᠠᠯ ᠨᠢ ᠤᠯᠠᠭᠠᠨᠮᠥ᠋ᠴᠢᠷ ᠤᠨ ᠭᠤᠶᠢᠳᠠ ᠰᠠᠶᠢᠬᠠᠨ ᠲᠣᠭᠯᠠᠯᠲᠠ ᠶᠢᠨ ᠲᠤᠮᠳᠠ ᠡᠬᠢᠯᠠᠪᠠ᠃   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠷᠠᠨᠲᠤᠶᠠᠭ᠎ᠠ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠭᠦᠢᠴᠡᠳᠭᠡᠭᠴᠢ ᠲᠡᠷᠢᠭᠦᠯᠡᠭᠴᠢ ᠳ᠋ᠦᠩ᠂  ᠬᠠᠳᠠ  ᠂ ᠯᠢᠶᠣᠤᠨᠢᠩ ᠮᠤᠵᠢ ᠶᠢᠨ ᠵᠢᠭᠤᠯᠴᠢᠯᠠᠯ ᠤᠨ ᠬᠡᠷᠡᠯ ᠵᠢᠷᠤᠭ ᠤᠨ ᠨᠡᠶᠢᠭᠡᠮᠯᠢᠭ ᠤᠨ ᠲᠡᠷᠢᠭᠦᠯᠡᠭᠴᠢ ᠯᠢᠨ ᡁᠢ ᠭᠤᠸᠠᠩ᠂ ᠯᠢᠶᠣᠤᠨᠢᠩ ᠮᠤᠵᠢ ᠶᠢᠨ ᠵᠢᠭᠤᠯᠴᠢᠯᠠᠯ ᠤᠨ ᠬᠡᠷᠡᠯ ᠵᠢᠷᠤᠭ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠦ᠋  ᠴᠢᠶᠠᠨ ᠯᠥᠩ ᠵᠢᠴᠢ  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠦᠢᠯᠡᠰ ᠤᠨ ᠭᠦᠭᠵᠢᠬᠦᠯᠤᠯᠳᠠ ᠶᠢᠨ ᠲᠥᠪ᠂  ᠦᠢᠯᠠᠰ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠬᠠᠮᠢᠶ᠎ᠠ ᠪᠦᠬᠦᠢ ᠨᠢᠭᠡᠴᠡ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
      ᠲᠤᠰ ᠤᠳᠠᠭᠠᠨ ᠤ ᠠᠵᠢᠯᠯᠠᠭ᠎ᠠ  ᠶᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠠᠨ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ  ᠲᠠᠮᠢᠷ  ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠰᠣᠶᠣᠯ  ᠵᠢᠭᠤᠯᠴᠢᠯᠠᠯ  ᠤᠨ ᠦᠢᠯᠡᠰ ᠤᠨ  ᠭᠦᠭᠵᠢᠬᠦᠯᠤᠯᠳᠠ ᠶᠢᠨ ᠲᠥᠪ᠂  ︽ᠦᠢᠯᠠᠰ︾  ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ  ᠡᠷᠬᠢᠯᠠᠵᠦ᠂  ᠪᠠᠷᠠᠭᠤᠨ ᠦᠵᠦᠮᠦᠴᠢᠨ ᠬᠤᠰᠢᠭᠤᠨ ᠤ ᠬᠡᠷᠡᠯ ᠵᠢᠷᠤᠭᠴᠢᠳ ᠤᠨ ᠨᠡᠶᠢᠭᠡᠮᠯᠢᠭ᠂ ᠪᠡᠭᠡᠵᠢᠩ ᠤᠨ ᠮᠠᠰᠢᠨ ᠲᠡᠷᠭᠡᠨ ᠤ  ᠵᠢᠭᠤᠯᠴᠢᠯᠠᠯ ᠤᠨ ᠬᠠᠮ ᠵᠠᠭᠤᠴᠢᠯᠠᠭᠤᠷ ᠤᠨ ᠲᠥᠪ᠂ ᠪᠠᠷᠠᠭᠤᠨ ᠦᠵᠦᠮᠦᠴᠢᠨ ᠬᠤᠰᠢᠭᠤᠨ ᠤ ᠮᠠᠰᠢᠨ  ᠲᠠᠷᠬᠡ ᠮᠣᠲ᠋ᠣᠷ ᠤᠨ ᠨᠡᠶᠢᠭᠡᠮᠯᠢᠭ᠂ ᠪᠠᠷᠠᠭᠤᠨ ᠦᠵᠦᠮᠦᠴᠢᠨ ᠬᠤᠰᠢᠭᠤᠨ ᠤ ︽ᠮᠣᠩᠭᠤᠯ ᠮᠣᠷᠢ︾ ᠠᠯᠬᠤᠬᠤ ᠨᠡᠶᠢᠭᠡᠮᠯᠢᠭ᠂ ᠪᠠᠷᠠᠭᠤᠨ ᠦᠵᠦᠮᠦᠴᠢᠨ ᠬᠤᠰᠢᠭᠤᠨ ᠤ ᠦᠵᠦᠮᠦᠴᠢᠨ ᠴᠠᠭᠠᠨ  ᠠᠳᠣᠭᠤ ᠰᠣᠶᠣᠯ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ  ᠠᠳᠣᠭᠤᠨ ᠰᠣᠶᠣᠯ ᠤᠨ ᠬᠦᠷᠢᠶᠡᠯᠡᠩ ᠠᠴᠠ  ᠬᠠᠮᠵᠢᠯᠴᠠᠨ ᠡᠷᠭᠢᠯᠡᠪᠡ᠃
   ︵ᠵᠢᠷᠤᠭ ᠤᠨ ᠲᠠᠶᠢᠯᠪᠤᠷᠢ︶  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ 2023 ᠣᠨ ᠤ ᠪᠠᠷᠠᠭᠤᠨ ᠦᠵᠦᠮᠦᠴᠢᠨ ᠬᠤᠰᠢᠭᠤᠨ ᠤ ︽5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ︽ᠲᠠᠩᠰᠤᠭ ᠠᠭᠤᠳᠠᠮ ᠲᠠᠯ᠎ᠠ ᠨᠤᠳᠤᠭ᠂ ᠪᠠᠭ᠋ᠠᠷᠣᠮ᠎ᠠ ᠰᠠᠶᠢᠬᠠᠨ ᠪᠠᠷᠠᠭᠤᠨ ᠦᠵᠦᠮᠦᠴᠢᠨ ᠳᠤ ᠪᠤᠯᠵᠤᠶ᠎ᠠ︾ ᠭᠤᠣᠯ ᠰᠡᠳᠦᠪᠲᠦ ᠠᠵᠢᠯᠯᠠᠭ᠎ᠠ ᠡᠬᠢᠯᠡᠭᠰᠡᠨ ᠢ ᠵᠠᠷᠯᠠᠪᠠ᠃       ᠰᠣᠷᠪᠤᠯᠵᠢᠯᠠᠭ᠎ᠠ᠄ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠭᠦᠢᠴᠡᠳᠭᠡᠭᠴᠢ ᠲᠡᠷᠢᠭᠦᠯᠡᠭᠴᠢ ᠳ᠋ᠦᠩ · ᠬᠠᠳᠠ ︽ᠡᠨᠡ ᠤᠳᠠᠭ᠎ᠠ ᠪᠢ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠭᠡᠷᠡᠯ ᠵᠢᠷᠤᠭᠴᠢᠳ ᠤᠨ ᠨᠡᠶᠢᠭᠡᠮᠯᠢᠭ  ᠢ ᠲᠦᠯᠤᠬᠡᠯᠡᠨ᠂ ᠡᠨᠡ  ᠤᠳᠠᠭᠠᠨ ᠤ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠶᠤᠮ᠃ ᠮᠠᠨ ᠤ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠪᠣᠯᠣᠨ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠰᠣᠨᠢᠨ ᠤ ᠬᠤᠷᠢᠶ᠎ᠠ ᠨᠢ ᠪᠠᠷᠠᠭᠤᠨ ᠦᠵᠦᠮᠦᠴᠢᠨ ᠬᠤᠰᠢᠭᠤ ᠲᠠᠢ ᠬᠠᠮᠲᠤᠷᠠᠨ  ᠠᠵᠢᠯᠯᠠᠬᠤ ᠪᠠᠷ ᠪᠠᠶᠢᠨ᠎ᠠ  ᠃ ᠪᠢᠳᠡ 7 ᠰᠠᠷ᠎ᠠ ᠳᠤ ᠪᠠᠷᠠᠭᠤᠨ ᠦᠵᠦᠮᠦᠴᠢᠨ ᠬᠤᠰᠢᠭᠤᠨ ᠳᠤ ᠪᠦᠬᠦ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠡᠷᠡᠯ ᠵᠢᠷᠤᠭ ᠤᠨ ᠪᠣᠯᠪᠠᠰᠤᠷᠠᠯ ᠤᠨ ᠠᠩᠭᠢ ᠡᠷᠬᠢᠯᠡᠭᠰᠡᠨ ᠤᠴᠢᠷ ᠠᠴᠠ ᠪᠢ ᠡᠨᠡ ᠤᠳᠠᠭ᠎ᠠ ᠢᠷᠡᠭᠰᠡᠨ ᠤ ᠳᠠᠷᠠᠭ᠎ᠠ ᠮᠠᠰᠢ ᠶᠡᠭᠡ ᠣᠯᠣᠯᠲᠠ ᠲᠠᠢ᠂  ᠠᠷᠠᠳ ᠤᠨ ᠠᠭᠠᠷ ᠤᠨ ᠲᠡᠭᠡᠭᠡᠪᠦᠷᠢ ᠶᠢᠨ ᠰᠣᠨᠢᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠢᠶᠠᠷ ᠳᠠᠮᠵᠢᠭᠤᠯᠤᠨ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ  ᠢ ᠭᠠᠳᠠᠭᠰᠢ ᠤᠬᠠᠭᠤᠯᠤᠨ ᠰᠣᠷᠳᠠᠯᠴᠢᠯᠠᠬᠤ ᠪᠤᠯᠤᠨ᠎ᠠ︾ ᠭᠡᠯ᠎ᠡ᠃ ᠰᠣᠷᠪᠤᠯᠵᠢᠯᠠᠭ᠎ᠠ᠄ ᠯᠢᠶᠣᠤᠨᠢᠩ ᠮᠤᠵᠢ   ᠶᠢᠨ ᠵᠢᠭᠤᠯᠴᠢᠯᠠᠯ ᠤᠨ ᠭᠡᠷᠡᠯ ᠵᠢᠷᠤᠭ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠦ᠋ ᠴᠢᠶᠠᠨ ᠯᠦᠩ  ︽ᠪᠠᠷᠠᠭᠤᠨ ᠦᠵᠦᠮᠦᠴᠢᠨ ᠬᠤᠰᠢᠭᠤᠨ ᠳᠤ ᠪᠢ ᠠᠩᠬ᠎ᠠ ᠤᠳᠠᠭ᠎ᠠ ᠢᠷᠡᠵᠦ ᠪᠠᠶᠢᠨ᠎ᠠ  ᠃  ᠪᠠᠷᠠᠭᠤᠨ ᠦᠵᠦᠮᠦᠴᠢᠨ ᠬᠤᠰᠢᠭᠤ ᠶᠡᠭᠡ  ᠦᠪᠡᠷᠮᠢᠴᠠ᠂ ᠲᠤᠩ ᠤᠨᠴᠠᠯᠢᠭ ᠲᠠᠢ ᠰᠠᠶᠢᠬᠠᠨ ᠪᠠᠶᠢᠨ᠎ᠠ᠃ ᠪᠠᠷᠠᠭᠤᠨ ᠦᠵᠦᠮᠦᠴᠢᠨ  ᠬᠤᠰᠢᠭᠤ ᠨᠢ ᠵᠢᠭᠤᠯᠴᠢᠯᠠᠯ ᠢ ᠮᠠᠰᠢ ᠴᠢᠬᠤᠯᠠᠴᠢᠯᠠᠨ ᠦᠵᠡᠵᠦ ᠪᠠᠶᠢᠬᠤ ᠪᠥᠭᠡᠳ ᠭᠡᠷᠡᠯ ᠵᠢᠷᠤᠭ ᠢ  ᠵᠢᠭᠤᠯᠴᠢᠯᠠᠯ ᠤᠨ ᠭᠠᠳᠠᠭᠰᠢ ᠤᠬᠠᠭᠤᠯᠭ᠎ᠠ ᠶᠢᠨ ᠨᠢᠭᠡ ᠵᠦᠢᠯ ᠤᠨ ᠠᠷᠭ᠎ᠠ ᠪᠠᠷᠢᠯ ᠪᠣᠯᠭᠠᠨ ᠂  ᠥᠪᠥᠷ ᠮᠣᠩᠭᠤᠯ  ᠴᠢᠨᠠᠭᠰᠢᠯᠠᠨ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠢ  ᠤᠬᠠᠭᠤᠯᠵᠦ ᠪᠠᠶᠢᠭ᠎ᠠ ᠨᠢ ᠮᠠᠰᠢ ᠰᠠᠶᠢᠨ  ᠠᠷᠭ᠎ᠠ ᠭᠡᠵᠦ ᠪᠢ ᠦᠵᠡᠵᠦ ᠪᠠᠶᠢᠨ᠎ᠠ ᠭᠡᠵᠦ  ᠪᠤᠳᠤᠵᠦ ᠪᠠᠶᠢᠨ᠎ᠠ  ︾ ᠭᠡᠯ᠎ᠡ᠃    ︽ᠲᠠᠩᠰᠤᠭ ᠠᠭᠤᠳᠠᠮ ᠲᠠᠯ᠎ᠠ ᠨᠤᠳᠤᠭ᠂ ᠪᠠᠭ᠋ᠠᠷᠣᠮ᠎ᠠ ᠰᠠᠶᠢᠬᠠᠨ ᠪᠠᠷᠠᠭᠤᠨ ᠦᠵᠦᠮᠦᠴᠢᠨ ᠳᠤ ᠪᠤᠯᠵᠤᠶ᠎ᠠ︾ ᠭᠤᠤᠯ ᠰᠠᠳᠣᠪᠳᠣ ᠠᠵᠢᠯᠯᠠᠭᠠᠨ ᠤ ᠨᠢᠭᠡ ᠪᠣᠯᠬᠤ ︽ᠥᠪᠥᠷ ᠮᠣᠩᠭᠤᠯ ᠢᠶᠠᠷ  ᠵᠢᠭᠤᠯᠴᠢᠯᠠᠬᠤ  ︾ ︽ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ  ᠤᠨ 99 ᠨᠣᠮᠧᠷᠲᠤ ᠵᠢᠭᠤᠯᠴᠢᠯᠠᠯ ᠤᠨ ᠵᠠᠰᠠᠮᠠᠯ ᠵᠠᠮ︾    ᠢᠶᠠᠷ ᠲᠡᠷᠭᠡ ᠵᠢᠯᠤᠭᠤᠳᠬᠤ ᠵᠤᠭᠠᠴᠠᠬᠤ ᠪᠠ  ᠠᠯᠬᠤᠵᠦ ᠵᠤᠭᠠᠴᠠᠬᠤ  ᠠᠵᠢᠯᠯᠠᠭ᠎ᠠ ᠡᠬᠢᠯᠡᠵᠦ ᠶᠠᠪᠤᠭᠳᠠᠭᠰᠠᠨ ᠪᠠᠶᠢᠨ᠎ᠠ᠃    ᠠᠵᠢᠯᠯᠠᠭᠠᠨ ᠤ ᠠᠬᠤᠢ ᠲᠠᠯᠠᠪᠡᠢ ᠳᠤ ᠪᠠᠷᠠᠭᠤᠨ ᠦᠵᠦᠮᠦᠴᠢᠨ ᠬᠤᠰᠢᠭᠤᠨ ᠤ  ᠦᠢᠯᠠᠰ  ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ   ᠠᠴᠠ  300 ᠭᠠᠷᠤᠢ ᠬᠤᠪᠢ ᠦᠵᠡᠮᠵᠢ ᠶᠢᠨ ᠣᠷᠣᠨ ᠤ ᠡᠭᠦᠳᠡᠨ ᠪᠢᠯᠧᠲ  ᠦᠨ᠎ᠠ ᠲᠦᠯᠤᠪᠤᠷᠢ ᠦᠭᠡᠢ ᠲᠠᠷᠬᠠᠭᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号