ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/1
ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ                                                                   5 ᠰᠠᠷ᠎ᠠ ᠶᠢᠨ 19 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠬᠤ ᠶᠣᠰᠣᠲᠠᠢ 31 ᠬᠥᠮᠥᠨ ᠠᠴᠠ 5 ᠬᠥᠮᠥᠨ  ᠴᠢᠯᠦᠭᠡ  ᠭᠤᠶᠤᠵᠤ᠂ 26 ᠬᠥᠮᠥᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃   ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠡᠷᠬᠢᠯᠡᠭᠴᠢ ᠪᠤᠯᠤᠳ ᠬᠤᠷᠠᠯ  ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠢ ᠫᠢᠩ᠂ ᠯᠢᠦ ᠴᠢᠩ᠂ ᠡᠷᠳᠡᠨᠢᠰᠦ᠋ᠷᠦᠭ ᠵᠢᠴᠢ ᠪᠤᠰᠤᠳ ᠭᠡᠰᠢᠭᠦᠳ ᠬᠤᠷᠠᠯ ᠳᠤ ᠣᠷᠣᠯᠴᠠᠵᠠᠢ  ᠃  ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠹᠧᠢ᠂ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠲᠢᠶᠠᠨ ᠱᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠵᠣᠣ ᠴᠦᠨ ᠭᠤᠸᠠᠩ ᠬᠤᠷᠠᠯ ᠳᠤ ᠰᠤᠯᠠ ᠣᠷᠣᠯᠴᠠᠪᠠ᠃  ᠬᠤᠷᠠᠯ  ᠳᠤ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠤᠮᠢᠯᠠᠬᠤ ᠪᠠ ᠲᠤᠰᠢᠶᠠᠯ ᠠᠴᠠ ᠪᠠᠭᠤᠯᠭᠠᠬᠤ ᠶᠠᠪᠤᠳᠠᠯ ᠢ  ᠪᠠᠳᠤᠯᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ  ᠪᠤᠯᠤᠳ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠲᠣᠭᠲᠠᠭᠠᠯ ᠢ ᠨᠡᠶᠢᠲᠡᠯᠡᠵᠦ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠺᠠᠳ᠋ᠷ ᠲᠤ ᠲᠣᠮᠢᠯᠠᠯᠲᠠ ᠶᠢᠨ ᠪᠢᠴᠢᠭ ᠭᠠᠷᠳᠠᠭᠤᠯᠪᠠ᠃     ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠺᠠᠳ᠋ᠷ ᠦᠨᠳᠦᠰᠦᠨ ᠬᠠᠤᠯᠢ ᠳᠤ ᠬᠠᠨᠳᠤᠵᠤ᠂ ᠲᠥᠪ ᠴᠢᠩᠭ᠎ᠠ ᠪᠠᠷ ᠲᠠᠩᠭᠠᠷᠢᠭᠯᠠᠭᠰᠠᠨ ᠪᠥᠭᠡᠳ ᠲᠤᠰᠢᠶᠠᠯ ᠡᠭᠦᠷᠭᠡᠯᠡᠬᠦ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠰᠢᠨ᠎ᠡ ᠠᠵᠢᠯ ᠤᠨ  ᠪᠠᠶᠢᠷᠢᠨ ᠳᠠᠭᠠᠨ ᠡᠷᠡᠯᠬᠡᠭᠯᠡᠨ ᠲᠡᠮᠡᠴᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠨᠠᠮ ᠪᠣᠯᠣᠨ ᠠᠷᠠᠳ ᠲᠦᠮᠡᠨ ᠠᠴᠠ ᠳᠠᠭᠠᠭᠠᠯᠭᠠᠭᠰᠠᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠶᠢ ᠰᠠᠶᠢᠲᠤᠷ  ᠪᠡᠶᠡᠯᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号