︽ᠠᠯᠳᠠᠨ ᠬᠠᠶᠢᠷᠠᠭᠤᠴᠠᠢ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ ᠨᠡᠶᠢᠭᠡᠮ ᠲᠣᠭᠤᠷᠢᠭ ᠲᠤ  ᠭᠦᠨᠵᠡᠭᠡᠶᠢᠷᠡᠨ ᠭᠤᠣᠯ ᠰᠡᠳᠦᠪᠲᠦ  ᠤᠬᠠᠭᠤᠯᠤᠨ ᠲᠠᠶᠢᠯᠪᠤᠷᠢᠯᠠᠯᠲᠠ  ᠬᠢᠪᠡ
ᠨᠡᠶᠢᠲᠡᠯᠡᠭᠰᠡᠨ ᠴᠠᠭ᠄
2023/6/1
︽ᠠᠯᠳᠠᠨ ᠬᠠᠶᠢᠷᠠᠭᠤᠴᠠᠢ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ ᠨᠡᠶᠢᠭᠡᠮ ᠲᠣᠭᠤᠷᠢᠭ ᠲᠤ  ᠭᠦᠨᠵᠡᠭᠡᠶᠢᠷᠡᠨ ᠭᠤᠣᠯ ᠰᠡᠳᠦᠪᠲᠦ  ᠤᠬᠠᠭᠤᠯᠤᠨ ᠲᠠᠶᠢᠯᠪᠤᠷᠢᠯᠠᠯᠲᠠ  ᠬᠢᠪᠡ                      ᠪᠥᠬᠦ ᠬᠤᠰᠢᠭᠤᠨ ᠤ ᠬᠡᠪᠴᠢᠶᠡᠨ ᠳᠤ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ  ᠲᠤᠰᠠᠳᠠ᠂ 5 ᠰᠠᠷ᠎ᠠ ᠶᠢᠨ 19 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠠᠯᠲᠠᠨ ᠬᠠᠶᠢᠷᠠᠭᠤᠴᠠᠶ ︾ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ  ᠨᠢ  ᠪᠠᠯᠭᠠᠷᠭᠤᠤᠯ ᠪᠠᠯᠭᠠᠰᠤᠨ ᠤ ᠬᠠᠨ ᠠᠭᠤᠯᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ  ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ᠤᠬᠠᠭᠤᠯᠤᠨ ᠲᠠᠶᠢᠯᠪᠤᠷᠢᠯᠠᠬᠤ  ᠲᠤᠮᠳᠠ᠂  ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ︽ᠠᠯᠲᠠᠨ ᠬᠠᠶᠢᠷᠠᠭᠤᠴᠠᠶ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠦ᠋ ᠯᠢ ᠵᠢᠶᠧ᠂  ᠪᠠᠯᠭᠠᠷᠭᠤᠤᠯ ᠪᠠᠯᠭᠠᠰᠤᠨ ᠤ ᠤᠬᠠᠭᠤᠯᠬᠤ ᠭᠡᠰᠢᠭᠦᠨ᠂ ︽ᠠᠯᠲᠠᠨ ᠬᠠᠶᠢᠷᠠᠭᠤᠴᠠᠶ︾  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠴᠢᠩᠠᠦ᠋ᠨᠡᠨ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠡᠳ᠋ ᠳᠠᠷᠤᠭ᠎ᠠ᠂ ︽ᠠᠯᠲᠠᠨ‌ᠬᠠᠶᠢᠷᠠᠭᠤᠴᠠᠶ︾ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠠᠩᠭᠢ ᠶᠢᠨ ᠭᠡᠰᠢᠭᠦᠨ ᠯᠢ ᠴᠢ᠂  ᠬᠤᠰᠢᠭᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ᠂  ︽ᠠᠯᠲᠠᠨ ᠬᠠᠶᠢᠷᠠᠭᠤᠴᠠᠢ︾ᠤᠬᠠᠭᠤᠯᠤᠨ ᠲᠠᠶᠢᠯᠪᠤᠷᠢᠯᠠᠬᠤ ᠪᠦᠯᠬᠦᠮ‌ᠵᠢᠨ ᠭᠡᠰᠢᠭᠦᠨ  ᠪᠤᠷᠤᠪᠠᠭᠠᠲᠤᠷ ᠨᠠᠷ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ᠮᠡᠳᠡᠭᠡ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠮᠡᠳᠡᠯᠭᠡ ᠵᠡᠷᠭᠡ ᠠᠭᠤᠯᠭ᠎ᠠ ᠳᠤ ᠭᠦᠨᠵᠡᠭᠡᠢ ᠲᠠᠶᠢᠯᠤᠮᠵᠢ  ᠬᠢᠵᠠᠢ᠃ ᠠᠵᠢᠯᠯᠠᠭ᠎ᠠ ᠳᠤ ᠪᠠᠰᠠ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠨᠠᠷ  ᠬᠠᠮᠲᠤᠪᠡᠷ ᠨᠡᠶᠢᠲᠡ ᠶᠢᠨ ᠠᠰᠠᠷᠠᠮᠵᠢ ᠶᠢᠨ ᠺᠢᠨᠣ᠋  ᠰᠤᠨᠢᠷᠬᠠᠭᠤᠯᠥᠠᠠᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号