ᠪᠣᠷᠣᠲᠤᠯᠤᠭᠠᠢ ᠨᠡᠶᠢᠭᠡᠮ ᠲᠤᠭᠤᠷᠢᠭ  ᠪᠣᠯᠣᠨ ᠲᠤᠯᠭ᠎ᠠ ᠭᠠᠴᠠᠭ᠎ᠠ ᠬᠠᠮᠲᠤᠷᠠᠨ  ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ︾  ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/1
ᠪᠣᠷᠣᠲᠤᠯᠤᠭᠠᠢ ᠨᠡᠶᠢᠭᠡᠮ ᠲᠤᠭᠤᠷᠢᠭ  ᠪᠣᠯᠣᠨ ᠲᠤᠯᠭ᠎ᠠ ᠭᠠᠴᠠᠭ᠎ᠠ ᠬᠠᠮᠲᠤᠷᠠᠨ  ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ︾  ᠶᠢᠨ ᠠᠵᠢᠯᠯᠠᠭ᠎ᠠ ᠥᠷᠨᠢᠭᠦᠯᠪᠡ                                                                 ᠳᠣᠮᠳᠠᠳᠣ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ  ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠣᠰᠠᠳᠠ᠂ 5 ᠰᠠᠷ᠎ᠠ ᠶᠢᠨ 20  ᠤ ᠡᠳᠦᠷ᠂ ᠪᠠᠯᠭᠠᠷᠭᠤᠣᠯ  ᠪᠠᠯᠭᠠᠰᠣᠨ ᠤ  ᠪᠤᠷᠤᠲᠤᠯᠤᠭᠠᠢ ᠨᠡᠶᠢᠭᠡᠮ ᠲᠣᠭᠤᠷᠢᠭ ᠪᠣᠯᠣᠨ ᠭᠤᠷᠤᠬᠠᠨ ᠪᠠᠯᠭᠠᠰᠣᠨ ᠤ ᠲᠤᠯᠭ᠎ᠠ ᠭᠠᠴᠠᠭ᠎ᠠ  ᠬᠠᠮᠲᠤᠷᠠᠨ  ︽ᠦᠨᠳᠦᠰᠦᠲᠡᠨ ᠤ ᠪᠦᠯᠬᠦᠮᠳᠡᠯ  ᠲᠠᠪᠰᠢᠯᠲᠠ ᠶᠢᠨ ᠤᠬᠠᠭᠤᠯᠭ᠎ᠠ ᠶᠢᠨ ᠰᠠᠷ᠎ᠠ ︾ ᠶᠢᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃   ᠠᠵᠢᠯᠯᠠᠭ᠎ᠠ ᠳᠤ᠂ ᠪᠣᠷᠣᠲᠤᠯᠤᠭᠠᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ  ᠪᠠ ᠲᠤᠯᠭ᠎ᠠ ᠭᠠᠴᠠᠭᠠᠨ ᠤ ᠮᠠᠯᠴᠢᠳ ᠨᠢ ᠣᠷᠠᠨ ᠰᠠᠶᠢᠬᠠᠨ ᠤ ᠲᠤᠭᠯᠠᠯᠲᠠ ᠪᠠᠷ ᠢᠶᠠᠨ  ᠡᠬᠡ ᠣᠯᠣᠰ ᠢᠶᠠᠨ ᠮᠠᠭᠲᠠᠨ ᠳᠠᠭᠤᠯᠠᠵᠤ᠂ ᠡᠬᠡ ᠤᠯᠤᠰ ᠢᠶᠠᠨ ᠬᠠᠮᠲᠤᠪᠡᠷ ᠴᠡᠴᠡᠭᠯᠡᠭᠦᠯᠦᠨ ᠬᠥᠭᠵᠢᠭᠦᠯᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠬᠡᠵᠦ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠡᠯ᠎ᠡ ᠦᠨᠳᠦᠰᠦᠲᠡᠨ ᠤ ᠠᠷᠠᠳ ᠲᠥᠮᠡᠨ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ  ᠂ ᠳᠣᠮᠳᠠᠳᠣ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠬᠦᠴᠦᠨ ᠴᠢᠳᠠᠯ ᠢ ᠨᠢᠭᠲᠠᠷᠠᠭᠤᠯᠵᠤ᠂ ᠲᠣᠭᠯᠠᠯᠲᠠ ᠶᠢᠨ ᠳᠤᠮᠳᠠ ᠪᠠᠰᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂  ᠮᠡᠳᠡᠯᠭᠡ ᠶᠢᠨ ᠠᠰᠠᠭᠤᠯᠲᠠ  ᠬᠠᠷᠢᠭᠤᠯᠬᠤ  ᠪᠠ  ᠡᠯᠭᠦᠭᠡᠰᠦ ᠵᠢᠷᠤᠭ ᠵᠢᠷᠤᠬᠤ ᠠᠵᠢᠯᠯᠠᠭ᠎ᠠ ᠥᠷᠨᠢᠭᠦᠯᠵᠦ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ  ᠶᠢ ᠣᠬᠠᠭᠤᠯᠵᠣ᠂ ᠰᠢᠨᠵᠢᠯᠡᠬᠦ ᠤᠬᠠᠭᠠᠨ  ᠤ ᠮᠡᠳᠡᠯᠭᠡ ᠶᠢ ᠲᠥᠭᠡᠮᠡᠯᠵᠢᠭᠦᠯᠦᠨ᠂ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠬᠠᠮᠰᠠᠷ ᠢ  ᠪᠠᠲᠤᠳᠬᠠᠬᠤ ᠶᠢ  ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ  ᠠᠬᠢᠯᠤᠭᠤᠯᠤᠭᠰᠠᠨ ᠪᠠᠶᠢᠨ᠎ᠠ᠃    ᠲᠤᠰ ᠣᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂   ︽ᠭᠠᠴᠠᠭ᠎ᠠ ᠨᠡᠶᠢᠭᠡᠮ ᠲᠤᠭᠤᠷᠢᠭ  ᠬᠠᠮᠲᠤᠷᠠᠨ ᠪᠠᠶᠢᠭᠤᠯᠬᠤ︾  ᠨᠢᠭᠲᠠᠷᠠᠯ ᠤᠨ ᠬᠦᠴᠦᠨ ᠢ ᠴᠢᠩᠭᠠᠳᠬᠠᠵᠤ᠂ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠣ ᠨᠠᠮ ᠢᠶᠠᠨ ᠳᠠᠭᠠᠬᠤ  ᠢᠲᠡᠭᠡᠯ ᠢ ᠪᠠᠲᠤᠳᠬᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ  ᠬᠠᠮᠲᠤᠪᠡᠷ ᠳᠣᠮᠳᠠᠳᠣ ᠶᠢᠨ ᠵᠡᠭᠦᠳᠦ ᠶᠢ  ᠲᠡᠷᠭᠡᠯᠰᠢᠭᠦᠯᠬᠦ ᠣᠷᠮ᠎ᠠ ᠵᠣᠷᠢᠭ ᠢ ᠬᠥᠪᠴᠢᠯᠡᠭᠰᠡᠨ ᠪᠠᠶᠢᠨ᠎ᠠ᠃ ᠰᠣᠷᠪᠤᠯᠵᠢᠯᠠᠭ᠎ᠠ᠄  ᠪᠠᠯᠭᠠᠷᠭᠤᠣᠯ ᠪᠠᠯᠭᠠᠰᠤᠨ ᠤ ᠳᠡᠳ᠋ ᠳᠠᠷᠤᠭ᠎ᠠ  ᠴᠠᠨ᠎ᠠ᠄ ︽ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠨᠠᠭᠰᠢᠳᠠ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠣᠬᠠᠮᠰᠠᠷ ᠢ ᠪᠠᠬᠢᠵᠢᠭᠦᠯᠬᠦ ᠶᠢᠨ ᠲᠣᠰᠠᠳᠠ᠂  ᠪᠠᠯᠭᠠᠷᠭᠤᠣᠯ ᠪᠠᠯᠭᠠᠰᠤ  ᠨᠢ ᠲᠤᠰ  ᠣᠳᠠᠭᠠᠨ ᠤ ᠭᠠᠴᠠᠭ᠎ᠠ ᠨᠡᠶᠢᠭᠡᠮ  ᠲᠤᠭᠤᠷᠢᠭ  ᠬᠠᠮᠲᠤᠷᠠᠭᠰᠠᠨ ᠠᠵᠢᠯᠯᠠᠭ᠎ᠠ ᠶᠢ  ᠥᠷᠨᠢᠭᠦᠯᠦᠭᠰᠡᠨ ᠪᠠᠶᠢᠨ᠎ᠠ᠃ᠡᠭᠦᠨ ᠤ ᠵᠣᠷᠢᠯᠭ᠎ᠠ ᠨᠢ ᠪᠠᠯᠭᠠᠷᠭᠤᠣᠯ ᠪᠠᠯᠭᠠᠰᠤᠨ ᠤ ᠡᠯ᠎ᠡ ᠨᠡᠶᠢᠭᠡᠮ ᠲᠣᠭᠤᠷᠢᠭ  ᠨᠢ ᠠᠬ᠎ᠠ ᠳᠡᠭᠦᠦ ᠰᠤᠮᠤ ᠪᠠᠯᠭᠠᠰᠤᠨ ᠤ  ᠭᠠᠴᠠᠭ᠎ᠠ ᠲᠤᠰᠬᠤᠨ ᠲᠠᠢ  ᠬᠠᠮᠲᠤᠷᠠᠨ ᠪᠠᠶᠢᠭᠤᠯᠬᠤ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂  ᠦᠨᠳᠦᠰᠦᠲᠡᠨ ᠨᠦᠭᠦᠳ ᠤᠨ ᠠᠷᠠᠳ ᠲᠦᠮᠡᠨ  ᠢ ᠠᠨᠠᠷ ᠤᠨ ᠦᠷ᠎ᠡ ᠰᠢᠭ ᠨᠢᠭᠲᠠᠷᠠᠭᠤᠯᠤᠨ ᠪᠦᠯᠬᠦᠮᠳᠡᠭᠦᠯᠵᠦ᠂ ᠪᠦᠯᠬᠦᠮᠳᠡᠨ ᠤᠷᠤᠭᠰᠢᠯᠠᠬᠤ᠂ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠬᠤ ᠶᠢᠨ ᠲᠥᠯᠥᠭᠡ ᠶᠤᠮ᠃ ᠳᠠᠷᠠᠭᠠᠴᠢ ᠪᠠᠷ  ᠪᠢᠳᠡ ᠪᠠᠶᠠᠷ  ᠳᠣᠷᠠᠰᠬᠠᠯ ᠤᠨ ᠡᠳᠦᠷ᠂  ᠨᠠᠶᠢᠷ ᠨᠠᠭᠠᠳᠤᠮ ᠵᠡᠷᠭᠡ ᠡᠯ᠎ᠡ ᠲᠥᠷᠥᠯ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠠᠵᠢᠯᠯᠠᠭ᠎ᠠ ᠶᠢᠨ  ᠰᠢᠨ᠎ᠡ ᠶᠢ  ᠡᠭᠦᠳᠴᠦ᠂ ᠭᠠᠴᠠᠭ᠎ᠠ ᠨᠡᠶᠢᠭᠡᠮ ᠲᠤᠭᠤᠷᠢᠭ ᠬᠠᠮᠲᠤᠷᠠᠨ  ᠪᠠᠶᠢᠭᠤᠯᠬᠤ ᠠᠵᠢᠯᠯᠠᠭ᠎ᠠ ᠶᠢ ᠨᠡᠩ ᠥᠷᠭᠡᠨ ᠢᠶᠠᠷ ᠥᠷᠨᠢᠭᠦᠯᠬᠦ ᠪᠣᠯᠣᠨ᠎ᠠ  ︾  ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号