ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠠᠵᠢᠯ ᠤᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/6/1
ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠠᠵᠢᠯ ᠤᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠤᠷᠠᠯᠳᠣᠪᠠ                         5 ᠰᠠᠷ᠎ᠠ ᠶᠢᠨ 19 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠪᠦᠬᠦ ᠬᠤᠰᠢᠭᠤᠨ ᠤ ᠭᠤᠣᠯᠳᠠᠯᠭ᠎ᠠ  ᠲᠠᠢ ᠲᠥᠷᠥᠯ ᠵᠦᠢᠯ ᠢ ᠠᠬᠢᠭᠤᠯᠬᠤ ᠠᠵᠢᠯ ᠤᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠤᠷᠠᠯᠳᠣᠭᠤᠯᠪᠠ  ᠃ ᠬᠤᠷᠠᠯ ᠠᠴᠠ ᠲᠤᠬᠠᠢ ᠶᠢᠨ ᠲᠠᠯᠠᠪᠠᠶ ᠳᠤ ᠲᠥᠷᠥᠯ ᠵᠦᠢᠯ ᠤᠨ ᠠᠬᠢᠴᠠ ᠶᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠢ  ᠡᠷᠲᠡ ᠠᠵᠢᠯ ᠡᠬᠢᠯᠡᠭᠦᠯᠵᠦ᠂ ᠤᠷᠤᠭᠰᠢᠲᠠᠢ ᠬᠡᠷᠡᠭᠵᠢᠭᠦᠯᠬᠦ ᠶᠢ ᠠᠬᠢᠭᠤᠯᠤᠨ᠂ ᠪᠥᠬᠦ ᠬᠤᠰᠢᠭᠤᠨ ᠤ ᠡᠯ᠎ᠡ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠵᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠵᠣᠷᠢᠵᠠᠢ᠃ ᠬᠤᠰᠢᠭᠤ ᠳᠥᠷᠪᠡᠨ ᠶᠡᠭᠡ  ᠣᠳᠣᠷᠢᠳᠬᠤ ᠪᠠᠭ ᠤᠨ ᠤᠳᠤᠷᠢᠳᠤᠯᠭ᠎ᠠ ᠦᠵᠡᠭᠦᠯᠦᠯᠭᠡ ᠶᠢᠨ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠦᠵᠡᠭᠦᠯᠦᠯᠭᠡ ᠶᠢᠨ ᠬᠤᠷᠠᠯ ᠳᠤ ᠣᠷᠣᠯᠴᠠᠵᠠᠢ᠃  ᠬᠤᠷᠠᠯ ᠳᠤ ᠣᠷᠣᠯᠴᠠᠭᠰᠠᠳ ᠤᠷᠢᠳ ᠬᠤᠵᠢᠳ ᠰᠦ ᠨᠧᠩ  ᠪᠠᠶᠠᠩᠬᠤᠸᠠ 2X66 ᠲᠦᠮᠡᠨ ᠺᠢᠯᠣᠸᠠᠲ ᠤᠨ ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ  ᠂ ᠪᠠᠶᠠᠨᠬᠤᠸᠠ  ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠣᠰᠬᠠᠬᠤ ᠬᠦᠷᠢᠶᠡᠯᠡᠩ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ  ᠲᠥᠷᠥᠯ ᠵᠦᠢᠯ᠂ ᠥᠪᠥᠷ ᠮᠣᠩᠭᠤᠯ ᠤᠨ ᠪᠦᠦ ᠱᠦᠥᠸ᠋ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 60 ᠲᠦᠮᠡᠨ ᠲᠣᠨ ᠬᠦᠩᠭᠡᠨᠴᠠᠭᠠᠨ ᠪᠣᠯᠪᠠᠰᠤᠷᠠᠭᠤᠯᠬᠤ ᠲᠥᠷᠥᠯ ᠵᠦᠢᠯ  ᠂ ᠪᠠᠶᠠᠩᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠭᠡᠳᠦ ᠨᠠᠷᠢᠯᠢᠭ ᠬᠥᠩᠭᠡᠨᠴᠠᠭᠠᠨ ᠤ ᠬᠠᠪᠲᠠᠰᠤᠨ ᠪᠦᠰᠡ ᠶᠢᠨ ᠦᠢᠯᠡᠳᠬᠦᠨ ᠤ ᠲᠥᠷᠥᠯ ᠵᠦᠢᠯ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠲᠥᠷᠥᠯ ᠵᠦᠢᠯ᠂ ᠢ ᠾᠧ ᠸᠠᠨ ᠰᠠᠭᠤᠭᠠᠯᠢ ᠲᠣᠭᠤᠷᠢᠭ ᠤᠨ ᠳᠡᠭᠡᠳᠦ ᠳᠡᠰ ᠤᠨ ᠬᠤᠳᠠᠯᠳᠤᠭᠠᠨ ᠤ ᠠᠰᠠᠷ ᠤᠨ ᠲᠥᠷᠥᠯ ᠵᠦᠢᠯ᠂ ᠪᠠᠯᠭᠠᠷᠭᠤᠣᠯ ᠪᠠᠯᠭᠠᠰᠤ ᠶᠢᠨ  ᠭᠤᠷᠤᠬᠠᠨ ᠵᠡᠭᠡᠯᠢ ᠠᠴᠠ ᠵᠡᠭᠦᠨ ᠭᠠᠳᠠᠷ ᠲᠣᠭᠤᠷᠢᠭ ᠬᠦᠷᠲᠡᠯᠡᠬᠢ ᠰᠢᠨ᠎ᠡ ᠪᠠᠷ ᠪᠠᠶᠢᠭᠤᠯᠬᠤ ᠵᠠᠮ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠳᠠᠭᠠᠯᠲᠠ ᠢᠨᠵᠧᠨᠧᠷᠢᠩ᠂ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠵᠢᠭᠠᠨ ᠰᠤᠷᠭᠠᠬᠤ ᠠᠰᠠᠷ ᠤᠨ ᠢᠨᠵᠧᠨᠧᠷᠢᠩ᠂ ᠪᠠᠯᠭᠠᠷᠭᠤᠣᠯ ᠪᠠᠯᠭᠠᠰᠤ ᠶᠢᠨ ᠴᠠᠶᠢᠳᠠᠮ ᠵᠠᠮ ᠤᠨ ᠰᠢᠨ᠎ᠡ ᠪᠠᠷ ᠪᠠᠶᠢᠭᠤᠯᠬᠤ ᠵᠠᠮ ᠤᠨ ᠢᠨᠵᠧᠨᠧᠷᠢᠩ᠂ ᠬᠤᠷᠠᠯ ᠦᠵᠡᠰᠬᠦᠯᠡᠩ ᠤᠨ ᠲᠥᠪ ᠤᠨ ᠲᠦᠷᠦᠯ ᠵᠦᠢᠯ᠂   ᠪᠠᠶ᠋ᠬᠠᠠᠭᠤᠯᠠ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ  ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ  ᠵᠡᠷᠭᠡ ᠲᠥᠷᠦᠯ ᠵᠦᠢᠯ ᠤᠨ  ᠪᠦᠲᠦᠭᠡᠨ ᠪᠠᠶᠢᠭᠤᠯᠣᠯᠲᠠ ᠶᠢᠨ ᠲᠤᠬᠠᠢ ᠶᠢᠨ ᠲᠠᠯᠠᠪᠠᠢ ᠳᠤ  ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ  ᠰᠣᠳᠣᠯᠵᠤ᠂  ᠲᠦᠷᠦᠯ ᠵᠦᠢᠯ ᠤᠨ ᠣᠳᠣᠬᠢ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ  ᠰᠤᠳᠤᠯᠬᠤ ᠶᠢᠨ ᠬᠠᠮᠲᠤ ᠰᠢᠢᠳᠪᠦᠷᠢᠯᠡᠬᠦ ᠲᠥᠰᠥᠯ ᠢ ᠳᠤᠷᠠᠳᠤᠨ ᠭᠠᠷᠭᠠᠵᠠᠢ᠃    ᠬᠤᠷᠠᠯ ᠠᠴᠠ ᠵᠢᠭᠠᠭᠰᠠᠨ ᠨᠢ᠄ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ  ᠨᠢ ᠲᠥᠷᠥᠯ ᠵᠦᠢᠯ ᠢ ᠨᠠᠶᠢᠳᠠᠪᠤᠷᠢᠵᠢᠭᠤᠯᠬᠤ   ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠳᠤ ᠡᠯ᠎ᠡ ᠲᠥᠷᠥᠯ ᠤᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠠᠩᠭᠠᠵᠤ᠂ ᠰᠠᠶᠢᠨ ᠨᠥᠬᠦᠴᠡᠯ ᠢ ᠡᠭᠦᠳᠴᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂  ᠠᠵᠢᠯ ᠤᠨ ᠬᠠᠷᠠᠯᠲᠠ ᠶᠢ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠢ᠃ ᠰᠠᠶᠢᠲᠤᠷ ᠬᠢᠨᠠᠨ ᠬᠠᠮᠢᠶᠠᠷᠴᠤ᠂ ᠪᠠᠷᠢᠯᠭ᠎ᠠ ᠶᠢᠨ ᠲᠠᠯ᠎ᠠ ᠶᠢᠨ ᠬᠢᠨ ᠢ ᠱᠠᠯᠠᠪᠳᠠᠭᠤᠯᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠰᠠᠬᠢᠵᠤ᠂ ᠬᠠᠷᠠᠯᠲᠠ ᠡᠭᠦᠷᠭᠡ ᠶᠢ ᠴᠢᠩᠭ᠎ᠠ  ᠠᠳᠬᠤᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ  ᠦᠨᠳᠦᠷ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ  ᠃ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠨ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠪᠠᠷ ᠠᠵᠤ ᠦᠢᠯᠡᠰ ᠤᠨ ᠲᠠᠰ ᠳᠠᠪᠰᠢᠵᠤ ᠰᠢᠯᠢᠳᠡᠭᠵᠢᠬᠦ ᠶᠢ ᠠᠬᠢᠭᠤᠯᠵᠤ᠂ ᠬᠠᠮᠲᠤᠪᠠᠷ  ᠡᠯ᠎ᠡ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠥᠭᠵᠢᠯᠲᠡ ᠶᠢᠨ ᠲᠣᠭᠲᠠᠴᠠ ᠶᠢ ᠪᠣᠶ  ᠪᠤᠯᠭᠠᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号