ᠪᠠᠶᠠᠨᠬᠤᠰᠢᠭᠤ ᠰᠤᠮᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ | ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠂ ᠰᠢ ᠶᠢᠨ ᠫᠢᠩ ᠶᠡᠷᠦᠩᠬᠡᠢ ᠱᠦᠵᠢ ᠶᠢᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠣᠷᠢᠵᠢᠭᠤᠯᠬᠤ ᠶᠢᠨ ᠲᠣᠰᠠᠳᠠ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ︾ ︽ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ | ᠠᠵᠢᠯᠯᠠᠭ᠎ᠠ ᠶᠢᠨ ᠲᠤᠭᠤᠷᠢᠨ ᠳᠤ 5 ᠰᠠᠷ᠎ᠠ ᠶᠢᠨ 18 ᠤ ᠡᠳᠦᠷ᠂ ᠪᠠᠶᠠᠨᠬᠤᠰᠢᠭᠤ ᠰᠤᠮᠤ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠮᠡᠳᠡᠯᠭᠡ ᠶᠢᠨ ᠤᠷᠤᠯᠳᠤᠭᠠᠨ ᠢ | ᠡᠷᠬᠢᠯᠡᠨ ᠶᠠᠪᠤᠭᠳᠠᠭᠤᠯᠪᠠ᠃ | ᠲᠣᠰ ᠤᠳᠠᠭᠠᠨ ᠤ ᠠᠵᠢᠯᠯᠠᠭ᠎ᠠ ᠶᠢ ᠪᠠᠶᠠᠨᠬᠤᠰᠢᠭᠤ ᠰᠤᠮᠥᠨ ᠤ ᠨᠠᠮ ᠤᠨ ᠬᠤᠷᠢᠶᠠᠨ ᠠᠴᠠ ᠭᠤᠣᠯᠯᠠᠨ ᠡᠷᠭᠢᠯᠡᠵᠦ᠂ | ᠪᠠᠶᠠᠨᠬᠤᠰᠢᠭᠤ ᠰᠣᠮᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠲᠠᠰᠤᠭ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠠᠭᠠᠭᠠᠴᠢᠯᠠᠨ ᠡᠷᠭᠢᠯᠡᠪᠡ᠃ ᠪᠠᠶᠠᠨᠬᠤᠰᠢᠭᠤ ᠰᠤᠮᠤᠨ ᠤ | ᠡᠯ᠎ᠡ ᠭᠠᠴᠠᠭᠠᠨ ᠤ ᠭᠡᠰᠡᠭ ᠮᠠᠯᠴᠢᠳ ᠵᠢᠴᠢ ᠺᠠᠳ᠋ᠷ ᠠᠵᠢᠯᠲᠠᠨ ᠨᠡᠶᠢᠲᠡ ᠳᠠᠯ᠎ᠠ ᠭᠠᠷᠤᠢ ᠬᠥᠮᠥᠨ ᠲᠣᠰ ᠤᠳᠠᠭᠠᠨ ᠤ | ᠤᠷᠤᠯᠳᠤᠭᠠᠨ ᠳᠤ ᠣᠷᠣᠯᠴᠠᠵᠠᠢ᠃ | ᠲᠣᠰ ᠤᠳᠠᠭᠠᠨ ᠤ ᠤᠷᠤᠯᠳᠤᠭᠠᠨ ᠨᠢ ᠮᠣᠩᠭᠤᠯ ᠬᠢᠲᠠᠳ ᠬᠤᠶᠠᠷ ᠬᠡᠯᠡᠨ ᠤ ᠳᠤᠭᠤᠶᠢᠯᠠᠩ ᠬᠤᠪᠢᠶᠠᠵᠤ ᠂ | ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠬᠦᠴᠢᠷ ᠰᠡᠳᠦᠪ ᠵᠡᠷᠭᠡ ᠭᠤᠷᠪᠠᠨ ᠡᠭᠡᠯᠵᠢ ᠶᠢᠨ | ᠤᠷᠤᠯᠳᠤᠭᠠᠨ ᠲᠣᠬᠢᠷᠠᠭᠤᠯᠵᠤ᠂ ᠬᠤᠷᠴᠠ ᠰᠢᠷᠦᠭᠦᠨᠮᠥ᠋ᠷᠥᠶᠢᠴᠡᠭᠡᠨ ᠢᠶᠠᠷ ᠳᠡᠮᠵᠢᠨ᠂ ᠨᠢᠭᠡᠳᠦᠭᠡᠷ ᠳᠡᠰ ᠤᠨ | ᠱᠠᠩᠨᠠᠯ ᠳᠤ ᠬᠤᠶᠠᠷ ᠳᠤᠭᠤᠶᠢᠯᠠᠩ 6 ᠨᠡᠷᠡᠰ᠂ ᠬᠤᠶᠠᠳᠤᠭᠠᠷ ᠳᠡᠰ ᠤᠨ ᠱᠠᠩᠨᠠᠯ ᠳᠤ 4 ᠳᠤᠭᠤᠶᠢᠯᠠᠩ 12 ᠨᠡᠷᠡᠰ᠂ | ᠭᠤᠷᠪᠠᠳᠤᠭᠠᠷ ᠳᠡᠰ ᠤᠨ ᠱᠠᠩᠨᠠᠯ ᠳᠤ 6 ᠳᠤᠭᠤᠶᠢᠯᠠᠩ 18 ᠨᠡᠷᠡᠰ ᠰᠢᠯᠭᠠᠷᠠᠭᠤᠯᠵᠠᠢ ᠃ | |