ᠰᠢᠨ᠎ᠡ ᠲᠣᠭᠲᠠᠭᠠᠯ ᠨᠢ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠭᠡᠵᠦ ᠪᠤᠢ | | ︽ᠢᠨᠲ᠋ᠧᠷ ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ ᠠᠷᠭ᠎ᠠ︾ ᠶᠢ ᠡᠨᠡ ᠵᠢᠯ ᠤᠨ 5 ᠰᠠᠷ᠎ᠠ ᠳᠤ | ᠡᠬᠢᠯᠡᠨ ᠬᠡᠷᠡᠭᠵᠢᠭᠦᠯᠦᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠣᠶᠢᠷ᠎ᠠ ᠳᠤ ︽ᠢᠨᠲ᠋ᠧᠷ | ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ 2023 ᠣᠨ ᠤ | 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠭᠡᠵᠦ ᠪᠤᠢ᠃ | ᠡᠭᠦᠨ ᠢ ᠰᠤᠷᠪᠤᠯᠵᠢᠯᠠᠭᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ | ᠣᠶᠢᠯᠠᠭᠠᠭᠰᠠᠨ ᠶᠤᠮ᠃ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠵᠠᠷ ᠤᠨ ᠦᠢᠯᠡᠰ ᠤᠨ ᠬᠥᠭᠵᠢᠯᠲᠡ ᠶᠢᠨ | ᠰᠢᠨ᠎ᠡ ᠣᠨᠴᠠᠯᠢᠭ᠂ ᠰᠢᠨ᠎ᠡ ᠬᠠᠨᠳᠤᠰᠢ᠂ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠢᠨ 2016 ᠣᠨ ᠳᠤ ᠲᠣᠭᠲᠠᠭᠠᠭᠰᠠᠨ | ︽ᠢᠨᠲ᠋ᠧᠷ ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠴᠦ | ᠰᠢᠨ᠎ᠡ ᠪᠠᠷ ᠨᠡᠶᠢᠲᠡᠯᠡᠭᠰᠡᠨ ᠠᠷᠭ᠎ᠠ ᠨᠢ ᠢᠨᠲ᠋ᠧᠷ ᠰᠦᠯᠵᠢᠶᠡᠨ ᠤ ᠵᠠᠷ ᠤᠨ ᠬᠤᠯᠪᠣᠭᠳᠠᠯ ᠪᠦᠬᠦᠢ ᠡᠵᠡᠩᠨᠡᠯᠲᠡ ᠶᠢᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠦᠢᠯᠡ ᠠᠵᠢᠯᠯᠠᠭ᠎ᠠ ᠶᠢᠨ | ᠵᠢᠷᠤᠮᠵᠢᠯ ᠢ ᠲᠣᠳᠣᠷᠬᠠᠶᠢᠯᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠠᠢ᠂ ᠡᠨᠡ ᠨᠢ | ᠢᠨᠲ᠋ᠧᠷ ᠰᠦᠯᠵᠢᠶᠡᠨ ᠤ ᠵᠠᠷ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠵᠤ᠂ ᠲᠣᠭᠠᠴᠢᠯᠠᠭᠰᠠᠨ ᠠᠵᠤ | ᠠᠬᠤᠢ ᠶᠢᠨ ᠵᠢᠷᠤᠮᠵᠢᠭᠤᠨ ᠪᠥᠭᠡᠳ ᠦᠷᠭᠦᠯᠵᠢᠯᠡᠨ ᠬᠥᠭᠵᠢᠬᠦ ᠳᠤ ᠬᠦᠴᠦᠨ ᠨᠡᠮᠡᠷᠢᠯᠡᠬᠦ ᠴᠢᠬᠤᠯᠠ ᠠᠴᠢ | ᠬᠤᠯᠪᠣᠭᠳᠠᠯ ᠲᠠᠢ ᠶᠤᠮ᠃ |