ᠥᠨᠢᠷ ᠥᠰᠦᠯᠲᠡ ᠲᠠᠢ ︽ᠦᠵᠦᠮᠦᠴᠢᠨ ᠴᠠᠭᠠᠨ ᠦᠬᠡᠷ︾ | | ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ ᠪᠠᠶᠠᠨᠪᠤᠯᠠᠭ ᠭᠠᠴᠠᠭᠠᠨ ᠤ | ᠮᠠᠯᠴᠢᠨ ᠴᠣᠯᠮᠣᠨᠭᠡᠷᠡᠯ ᠤᠨ ᠬᠢ ᠪᠣᠯ ᠱᠠᠷᠦ᠋ᠯᠠᠢ ᠦᠬᠡᠷ ᠮᠠᠯᠵᠢᠳᠠᠭ ᠭᠤᠣᠯᠳᠠᠯᠭᠠᠲᠤ ᠰᠦᠷᠦᠭ ᠤᠨ ᠡᠷᠦᠬᠡ ᠪᠣᠯᠣᠨ᠎ᠠ | ᠃ ᠴᠣᠯᠮᠣᠨᠭᠡᠷᠡᠯ ᠤᠨ ᠬᠢ 180 ᠲᠣᠯᠣᠭᠠᠢ ︽ᠦᠵᠦᠮᠦᠴᠢᠨ ᠴᠠᠭᠠᠨ ᠦᠬᠡᠷ︾ ᠲᠠᠢ᠃ ︽ᠱᠠᠷᠦ᠋ᠯᠠᠢ ᠦᠬᠡᠷ ᠢ | ᠪᠠᠰᠠ ︿ᠦᠵᠦᠮᠦᠴᠢᠨ ᠴᠠᠭᠠᠨ ᠦᠬᠡᠷ﹀ ᠭᠡᠳᠡᠭ᠂ ᠶᠡᠷᠦᠩᠬᠡᠢ ᠰᠠᠶᠢᠳ ᠵᠧᠦ ᠧᠨ ᠯᠠᠢ ᠶᠢᠨ ᠪᠢᠳᠡᠨ ᠳᠤ | ᠥᠭᠭᠦᠭᠰᠡᠨ ᠦᠬᠡᠷ ᠠᠴᠠ ᠥᠰᠴᠦ ᠦᠷᠡᠵᠢᠨ ᠡᠳᠦᠭᠡ ᠳᠤ ᠬᠦᠷᠦᠭᠰᠡᠨ ᠶᠤᠮ ᠁︾ ᠭᠡᠵᠦ ᠴᠣᠯᠮᠣᠨᠭᠡᠷᠡᠯ | ᠲᠠᠨᠢᠯᠴᠠᠭᠤᠯᠵᠤ ᠪᠠᠶᠢᠯ᠎ᠠ᠃ ᠲᠡᠷᠡ ᠬᠡᠯᠡᠬᠦ ᠳᠡᠭᠡᠨ᠄ ︽ᠨᠢᠭᠡ ᠴᠠᠭᠠᠨ ᠦᠬᠡᠷ ᠤᠨ ᠠᠰᠢᠭ ᠣᠷᠣᠯᠭ᠎ᠠ ᠨᠢ 10 ᠠᠴᠠ | 15 ᠬᠤᠨᠢ ᠲᠠᠢ ᠲᠡᠩᠴᠡᠨ᠎ᠡ᠃ ᠦᠷ᠎ᠡ ᠠᠰᠢᠭ ᠨᠢ ᠥᠨᠳᠥᠷ ᠢᠶᠠᠷ ᠪᠠᠷᠠᠬᠤ ᠦᠭᠡᠢ ᠥᠰᠦᠯᠲᠡ ᠨᠢ ᠲᠦᠷᠭᠡᠨ᠂ | ᠭᠠᠩ ᠬᠠᠭᠰᠠᠷᠠᠭᠠᠨ ᠳᠤ ᠳᠠᠭᠠᠭᠠᠴᠠ ᠲᠠᠢ᠂ ᠦᠵᠦᠮᠦᠴᠢᠨ ᠲᠠᠯ᠎ᠠ ᠨᠤᠲᠤᠭ ᠲᠤ ᠮᠠᠯᠵᠢᠬᠤ ᠳᠤ ᠮᠠᠰᠢ ᠲᠣᠬᠢᠷᠠᠮᠵᠢᠲᠠᠢ | ︾ ᠭᠡᠵᠦ ᠪᠠᠶᠢᠯ᠎ᠠ᠃ | | | ᠤᠤᠯ ᠨᠢ ᠦᠵᠦᠮᠦᠴᠢᠨ ᠲᠠᠯ᠎ᠠ ᠨᠤᠲᠤᠭ ᠲᠤ ︽ᠰᠠᠭᠤᠷᠢᠰᠢᠭᠰᠠᠨ︾ ᠴᠠᠭᠠᠨ ᠦᠬᠡᠷ ᠨᠢ ᠨᠢᠭᠡᠨ ᠣᠨᠴᠠᠭᠠᠢ | ᠢᠷᠡᠯᠲᠡ ᠲᠠᠢ ᠪᠠᠶᠢᠵᠠᠢ᠃ | 1973 ᠣᠨ ᠤ 9 ᠰᠠᠷ᠎ᠠ ᠳᠤ᠂ ᠹᠷᠠᠨᠼᠢ ᠶᠢᠨ ᠶᠡᠷᠦᠩᠬᠡᠶᠢᠯᠡᠭᠴᠢ ᠫᠧᠩᠫᠢᠳᠦ᠋ ᠮᠠᠨ ᠤ ᠤᠯᠤᠰ ᠲᠤ ᠲᠦᠷᠦ ᠶᠢᠨ | ᠶᠠᠪᠤᠳᠠᠯ ᠤᠨ ᠠᠶᠢᠯᠴᠢᠯᠠᠯᠲᠠᠬᠢᠬᠦ ᠳᠤ ᠶᠡᠷᠦᠩᠬᠡᠢ ᠰᠠᠶᠢᠳ ᠵᠧᠦ ᠧᠨ ᠯᠠᠢ ᠪᠠᠷ᠎ᠠ ᠪᠣᠯᠣᠯᠴᠠᠭᠰᠠᠨ ᠪᠥᠭᠡᠳ ᠲᠡᠭᠦᠨ ᠳᠤ | ᠪᠡᠯᠡᠭ ᠬᠦᠷᠭᠡᠪᠡ᠃ ᠲᠤᠰ ᠵᠢᠯ ᠤᠨ ᠬᠢᠨᠢ 10 ᠰᠠᠷ᠎ᠠ ᠳᠤ᠂ ᠹᠷᠠᠨᠼᠢ ᠶᠢᠨ ᠶᠡᠷᠦᠩᠬᠡᠶᠢᠯᠡᠭᠴᠢ ᠫᠧᠩᠫᠢᠳᠦ᠋ ᠶᠡᠷᠦᠩᠬᠡᠢ | ᠰᠠᠶᠢᠳ ᠵᠧᠦ ᠧᠨ ᠯᠠᠢ ᠳᠤ ᠬᠠᠷᠢᠭᠤ ᠪᠡᠯᠡᠭ ᠪᠣᠯᠭᠠᠨ 50 ᠱᠠᠷᠦ᠋ᠯᠠᠢ ᠦᠬᠡᠷ ᠬᠦᠷᠭᠡᠵᠡᠢ᠃ ᠡᠭᠦᠨ ᠳᠤ 17 ᠦᠬᠡᠷ | ︵3 ᠪᠤᠬ᠎ᠠ᠂ 14 ᠦᠨᠢᠶ᠎ᠡ︶ ᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠨ | ᠥᠭᠴᠦ ᠮᠠᠯᠵᠢᠭᠤᠯᠤᠭᠰᠠᠨ ᠪᠠᠶᠢᠵᠠᠢ᠃ ᠲᠤᠬᠠᠢ ᠶᠢᠨ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠦᠬᠦ ᠲᠠᠯ᠎ᠠ ᠠᠴᠠ ᠪᠣᠳᠣᠯᠬᠢᠯᠠᠨ᠂ ᠪᠠᠷᠠᠭᠤᠨ ᠦᠵᠦᠮᠦᠴᠢᠨ ᠬᠤᠰᠢᠭᠤᠨ ᠤ | ᠥᠷᠭᠡᠷᠢᠭ ᠤᠨ ᠪᠠᠶᠢᠷᠢᠯᠠᠯ ᠨᠢ ᠹᠷᠠᠨᠼᠢ ᠲᠠᠢ ᠠᠳᠠᠯᠢᠬᠠᠨ ᠮᠥᠷᠲᠡᠭᠡᠨ ᠲᠠᠯ᠎ᠠ ᠨᠤᠲᠤᠭ ᠤᠨ ᠡᠬᠢ ᠪᠠᠶᠠᠯᠢᠭ᠂ | ᠤᠰᠤᠨ ᠤ ᠡᠬᠢ ᠪᠠᠶᠠᠯᠢᠭ ᠨᠢ ᠡᠯᠪᠡᠭ᠂ ᠮᠠᠯ ᠠᠵᠤ ᠠᠬᠤᠢ ᠶᠢᠨ ᠥᠨᠢ ᠤᠳᠠᠭᠠᠨ ᠬᠥᠭᠵᠢᠯᠲᠡ ᠶᠢᠨ ᠲᠡᠦᠬᠡ ᠲᠠᠢ | ᠪᠣᠯᠬᠤᠷ ᠡᠨᠡᠬᠦ 17 ᠦᠬᠡᠷ ᠢ ᠪᠦᠬᠦᠨ ᠢ ᠪᠠᠷᠠᠭᠤᠨ ᠦᠵᠦᠮᠦᠴᠢᠨ ᠬᠤᠰᠢᠭᠤᠨ ᠳᠤ ᠬᠦᠷᠭᠡᠨ ᠂ ᠳ᠋ᠠᠴᠢᠨᠪᠤᠯᠠᠭ | ᠮᠠᠯᠵᠢᠯ ᠤᠨ ᠲᠠᠯᠠᠪᠠᠢ ᠳᠤ ᠮᠠᠯᠵᠢᠭᠤᠯᠬᠤ ᠪᠠᠷ ᠪᠣᠯᠣᠭᠰᠠᠨ ᠪᠠᠶᠢᠨ᠎ᠠ᠃ | | | ᠱᠠᠷᠦ᠋ᠯᠠᠢ ᠦᠬᠡᠷ ᠤᠨ ᠤᠤᠯ ᠨᠤᠲᠤᠭ ᠨᠢ ᠹᠷᠠᠨᠼᠢ ᠶᠢᠨ ᠳᠤᠮᠳᠠ ᠪᠠᠷᠠᠭᠤᠨ ᠬᠡᠰᠡᠭ ᠠᠴᠠ ᠵᠡᠭᠦᠨ ᠡᠮᠦᠨᠡᠲᠦ | ᠬᠡᠰᠡᠭ ᠬᠦᠷᠲᠡᠯᠡᠬᠢ ᠱᠠᠷᠦ᠋ᠯᠠᠢ ᠮᠤᠵᠢ ᠪᠠ ᠨᠧᠹᠯᠧᠷ ᠣᠷᠣᠨ ᠪᠣᠯᠣᠨ᠎ᠠ᠃ ᠲᠡᠨᠳᠡ ᠵᠢᠯ ᠲᠤᠷᠰᠢ ᠬᠤᠷ᠎ᠠ ᠪᠣᠷᠣᠭᠠᠨ | ᠡᠯᠪᠡᠭ᠂ ᠠᠭᠤᠷ ᠠᠮᠢᠰᠬᠤᠯ ᠴᠢᠭᠢᠭᠯᠢᠭ᠂ ᠨᠡᠷᠡᠨ ᠤ ᠲᠤᠰᠤᠯᠲᠠ ᠲᠣᠬᠢᠷᠠᠮᠵᠢᠲᠠᠢ᠂ ᠡᠪᠡᠰᠦ ᠤᠷᠭᠤᠮᠠᠯ ᠨᠢ | ᠤᠷᠭᠤᠯᠲᠠ ᠰᠠᠶᠢᠲᠠᠢ ᠪᠠᠶᠢᠳᠠᠭ ᠠᠴᠠ ᠱᠠᠷᠦ᠋ᠯᠠᠢ ᠬᠤᠨᠢ᠂ ᠱᠠᠷᠦ᠋ᠯᠠᠢ ᠦᠬᠡᠷ ᠤᠨ ᠨᠡᠷ᠎ᠡ ᠨᠢ ᠴᠤ ᠲᠡᠨᠳᠡ ᠠᠴᠠ | ᠢᠷᠡᠯᠲᠡᠢ ᠶᠤᠮ᠃ ᠱᠠᠷᠦ᠋ᠯᠠᠢ ᠦᠬᠡᠷ ᠤᠨ ᠠᠷᠠᠰᠤ ᠦᠰᠦ ᠨᠢ ᠴᠠᠭᠠᠨ ᠪᠤᠶᠤ ᠤᠭᠤᠷᠠᠭ ᠴᠠᠭᠠᠨ ᠥᠩᠭᠡ ᠲᠠᠢ᠃ | ᠹᠷᠠᠨᠼᠢᠴᠤᠳ ᠤᠨ ᠱᠠᠷᠦ᠋ᠯᠠᠢ ᠦᠬᠡᠷ ᠢ ᠪᠣᠶᠢᠵᠢᠭᠤᠯᠤᠭᠰᠠᠨ ᠤ ᠵᠣᠷᠢᠯᠭ᠎ᠠ ᠨᠢ ᠳᠠᠷᠤᠢ ᠮᠢᠬᠠᠨ ᠤ ᠭᠠᠷᠤᠯᠲᠠ | ᠣᠯᠬᠤ ᠶᠢᠨ ᠲᠥᠯᠥᠭᠡ ᠶᠤᠮ᠃ ᠱᠠᠷᠦ᠋ᠯᠠᠢ ᠦᠬᠡᠷ ᠤᠨ ᠪᠤᠯᠴᠢᠩ ᠤᠨ ᠪᠣᠶᠢᠵᠢᠯᠲᠠ ᠨᠢ ᠰᠠᠶᠢᠨ᠂ ᠳᠥᠷᠪᠡᠨ ᠮᠥᠴᠢ | ᠨᠢ ᠬᠦᠳᠡᠷ ᠲᠣᠮᠣ ᠪᠠᠶᠢᠵᠤ᠂ ᠨᠠᠰᠤᠨ ᠳᠤ ᠭᠦᠢᠴᠡᠭᠰᠡᠨ ᠡᠷ᠎ᠡ ᠦᠬᠡᠷ ᠨᠢ 1000 ︱ 1650 ᠺᠢᠯᠣᠭ᠍ᠷᠠᠮ᠂ | ᠦᠨᠢᠶ᠎ᠡ ᠨᠢ 700 ︱ 1200 ᠺᠢᠯᠣᠭ᠍ᠷᠠᠮ ᠬᠥᠨᠳᠥ ᠪᠠᠶᠢᠵᠤ᠂ ᠮᠢᠬᠠᠨ ᠤ ᠭᠠᠷᠤᠯᠲᠠ ᠪᠠᠷ ᠣᠨᠴᠠ ᠰᠠᠶᠢᠨ | ᠪᠠᠶᠢᠳᠠᠭ᠃ | ᠪᠠᠶᠢᠭᠠᠯᠢ ᠶᠢᠨ ᠣᠷᠴᠢᠨ ᠲᠣᠭᠤᠷᠢᠨ ᠪᠠ ᠱᠠᠷᠦ᠋ᠯᠠᠢ ᠦᠬᠡᠷ ᠤᠨ ᠡᠭᠦᠯᠳᠡᠷ ᠤᠨ ᠳᠠᠪᠠᠭᠤᠯᠢᠭ ᠢ ᠦᠨᠳᠦᠰᠦᠯᠡᠵᠦ᠂ | ᠪᠠᠷᠠᠭᠤᠨ ᠦᠵᠦᠮᠦᠴᠢᠨ ᠬᠤᠰᠢᠭᠤ ᠨᠢ ᠡᠭᠦᠯᠳᠡᠷ ᠤᠨ ᠦᠬᠡᠷ ᠢ ᠪᠦᠷᠢᠳᠬᠡᠨ ᠳᠠᠩᠰᠠᠯᠠᠬᠤ᠂ ᠴᠢᠨᠠᠷ ᠴᠢᠨᠰᠠᠭ᠎ᠠ ᠶᠢ | ᠨᠢ ᠬᠢᠨᠠᠨ ᠲᠣᠭᠲᠠᠭᠠᠬᠤ᠂ ᠡᠭᠦᠯᠳᠡᠷ ᠰᠣᠩᠭᠤᠨ ᠪᠣᠶᠢᠵᠢᠭᠤᠯᠬᠤ ᠵᠡᠷᠭᠡ ᠠᠵᠢᠯ ᠢ ᠲᠥᠯᠥᠪᠯᠡᠭᠡ ᠲᠠᠢ ᠪᠠᠷ | ᠥᠷᠨᠢᠭᠦᠯᠵᠦ᠂ ︽ᠤᠳᠤᠷᠢᠳᠤᠯᠭ᠎ᠠ᠂ ᠮᠠᠯ ᠡᠮᠨᠡᠯᠭᠡ ᠶᠢᠨ ᠲᠤᠰᠬᠠᠢ ᠮᠡᠷᠭᠡᠵᠢᠯᠳᠡᠨ ᠂ ᠠᠬᠠᠮᠠᠳ ᠮᠠᠯᠴᠢᠨ ︾ | ᠢᠶᠠᠷ ᠪᠦᠷᠢᠯᠳᠦᠭᠰᠡᠨ ︽ ᠭᠤᠷᠪᠠ ᠤᠶᠠᠯᠳᠤᠬᠰᠠᠨ ︾ ᠲᠤᠭᠤᠶᠢᠯᠠᠩ ᠢ ᠪᠠᠶᠢᠭᠤᠯᠤᠨ ᠂ ᠲᠤᠬᠠᠢ ᠶᠢᠨ | ᠭᠠᠵᠠᠷ ᠤᠨ ᠠᠭᠤᠷ ᠠᠮᠢᠰᠬᠤᠯ ᠤᠨ ᠬᠤᠪᠢᠷᠠᠯᠳᠠ ᠶᠢ ᠦᠨᠳᠦᠰᠦᠯᠡᠨ ︽ᠵᠤᠨ ᠨᠠᠮᠤᠷ ᠤᠨ ᠤᠯᠠᠷᠢᠯ ᠳᠤ | ᠪᠡᠯᠴᠢᠭᠡᠷᠯᠡᠭᠦᠯᠭᠦ ᠨᠤᠳᠤᠭ ᠪᠡᠯᠴᠢᠭᠡᠷ ᠢ ᠰᠤᠩᠭᠤᠨ ᠲᠤᠬᠳᠠᠭᠠᠬᠤ᠂ ᠮᠠᠯ ᠠᠵᠤ ᠠᠬᠤᠢ ᠶᠢᠨ ᠲᠠᠯ᠎ᠠ ᠪᠠᠷ | ᠲᠤᠷᠰᠢᠯᠭ᠎ᠠ ᠲᠠᠢ᠂ ᠠᠵᠢᠯ ᠳᠠᠭᠠᠨ ᠬᠠᠷᠢᠭᠤᠴᠠᠯᠭ᠎ᠠ ᠲᠠᠢ ᠠᠬᠠᠮᠠᠳ ᠮᠠᠯᠴᠢᠨ ᠢ ᠰᠤᠩᠭᠤᠨ ᠲᠤᠬᠳᠠᠭᠠᠬᠤ ᠂ ᠮᠠᠯ | ᠡᠮᠨᠡᠵᠤ ᠵᠠᠰᠠᠬᠤ ᠳᠠᠭᠠᠨ ᠮᠡᠷᠭᠡᠵᠢᠯᠲᠠᠢ ᠮᠠᠯ ᠤᠨ ᠡᠮᠴᠢ ᠢ ᠰᠤᠩᠭᠤᠨ ᠲᠤᠬᠳᠠᠭᠠᠬᠤ᠂ ᠡᠪᠡᠰᠦᠯᠡᠵᠤ ᠪᠤᠷᠳᠤᠬᠤ | ᠤᠡᠭᠭᠤᠴᠠ ᠰᠠᠪᠠ ᠭᠡᠷᠡᠭᠰᠡᠯ ᠢ ᠲᠤᠬᠳᠠᠭᠠᠬᠤ ︾ ᠵᠡᠷᠭᠡ ᠲᠦᠷᠪᠡ ᠶᠢ ᠲᠤᠬᠳᠠᠭᠠᠬᠤ ᠠᠵᠢᠯ ᠢ ᠭᠠᠷᠳᠠᠨ | ᠭᠢᠵᠤ᠂ ᠦᠡᠭ ᠰᠢᠮᠡᠯᠢᠭ ᠡᠪᠡᠰᠤ ᠪᠡᠯᠴᠢᠭᠡᠷ ᠲᠠᠢ ᠲᠤᠰᠬᠠᠢ ᠨᠤᠳᠤᠭ ᠪᠡᠯᠴᠢᠭᠡᠷ ᠢ ᠰᠣᠩᠭᠤᠨ᠂ 5-6 | ᠠᠬᠠᠮᠠᠳ ᠮᠠᠯᠴᠢᠨ᠂ 3 ᠮᠠᠯ ᠤᠨ ᠡᠮᠴᠢ ᠲᠤᠭᠢᠷᠠᠭᠤᠯᠵᠤ ᠠᠯᠢᠪᠠ ᠪᠡᠯᠡᠳᠭᠡᠯ ᠲᠦᠭᠦᠭᠡᠷᠦᠮᠵᠢ ᠶᠢ ᠪᠦᠷᠢᠨᠰᠢᠭᠦᠯᠭᠦ | ᠠᠵᠢᠯ ᠢ ᠭᠢᠵᠤ ᠡᠬᠢᠯᠡᠵᠡᠢ ᠃ ᠱᠠᠷᠦ᠋ᠯᠠᠢ ᠦᠬᠡᠷ ᠤᠨ ᠬᠤᠪᠢᠶᠠᠷᠢ ᠲᠠᠯᠠᠪᠠᠢ ᠨᠢ ᠰᠠᠭᠤᠷᠢᠰᠢᠯ ᠤᠨ ᠪᠠᠶᠢᠰᠢᠩ 44 | ᠲᠠᠰᠤᠯᠭ᠎ᠠ ᠂ ᠴᠢᠨᠠᠷ ᠰᠠᠶᠢᠳᠠᠢ ᠴᠢᠯᠠᠭᠤᠨ ᠬᠤᠷᠤᠭ᠎ᠠ 6 ᠰᠠᠭᠤᠷᠢ᠂ ᠰᠠᠭᠤᠷᠢ ᠪᠦᠷᠢ ᠳᠤ 10 ᠲᠠᠰᠤᠯᠭ᠎ᠠ | ᠲᠤᠯᠠᠭᠠᠨ ᠫᠸᠡᠭ ᠲᠠᠢ᠂ ᠭᠡᠭᠡᠯᠳᠦᠭᠦᠯᠭᠡ ᠶᠢᠨ ᠦᠷᠳᠡᠭᠡ᠂ ᠢᠴᠡᠭᠡᠯ ᠦᠷ᠎ᠠ ᠶᠢᠨ ᠦᠷᠳᠡᠭᠡ ᠪᠠᠶᠢᠭᠤᠯᠵᠤ᠂ | ᠱᠠᠷᠦ᠋ᠯᠠᠢ ᠦᠬᠡᠷ ᠢ ᠦᠰᠭᠡᠨ ᠦᠷᠡᠵᠢᠭᠦᠯᠭᠦ ᠪᠠᠷ ᠴᠢᠷᠮᠠᠶᠢᠨ ᠠᠵᠢᠯᠯᠠᠵᠠᠢ ᠃ ᠡᠭᠦᠪᠡᠷ 1974 ᠤᠨ ᠳᠤ | ᠪᠡᠶ᠎ᠡ ᠪᠢᠯᠳᠡᠷ ᠰᠠᠶᠢᠲᠠᠢ 46 ᠲᠤᠯᠤᠭᠠᠢ ᠨᠤᠳᠤᠭ ᠡᠭᠦᠯᠳᠡᠷ ᠤᠨ ᠦᠨᠢᠶ᠎ᠠ ᠂ 14 ᠲᠤᠯᠤᠭᠠᠢ ᠴᠡᠪᠡᠷ | ᠡᠭᠦᠯᠳᠡᠷ ᠤᠨ ᠱᠠᠷᠦ᠋ᠯᠠᠢ ᠦᠨᠢᠶ᠎ᠠ ᠶᠢ ᠰᠤᠩᠭᠤᠨ ᠨᠡᠶᠢᠳᠡ 60 ᠦᠨᠢᠶᠡᠨ ᠳᠤ ᠵᠤᠭᠢᠶᠠᠮᠠᠯ ᠭᠡᠭᠡᠯᠳᠦᠭᠦᠯᠭᠡ ᠶᠢᠨ | ᠲᠤᠷᠰᠢᠯᠳᠠ ᠭᠢᠭᠡᠳ ᠴᠡᠪᠡᠷ ᠡᠭᠦᠯᠳᠡᠷ ᠤᠨ ᠴᠠᠭᠠᠨ ᠱᠠᠷᠦ᠋ᠯᠠᠢ ᠦᠨᠢᠶᠠᠨ ᠤ ᠭᠡᠭᠡᠯᠳᠦᠯᠳᠡ ᠨᠢ 93% ᠳᠤ | ᠭᠦᠷᠴᠤ᠂ ᠨᠤᠳᠤᠭ ᠤᠨ ᠡᠭᠦᠯᠳᠡᠷ ᠤᠨ ᠦᠨᠢᠶᠡᠨ ᠤ ᠭᠡᠭᠡᠯᠳᠦᠯᠳᠡ ᠨᠢ 80% ᠳᠤ ᠭᠦᠷᠴᠦ᠂ 1975 ᠤᠨ | ᠳᠤ ᠴᠡᠪᠡᠷ ᠡᠭᠦᠯᠳᠡᠷ ᠤᠨ ᠴᠠᠭᠠᠨ ᠱᠠᠷᠦ᠋ᠯᠠᠢ ᠲᠤᠭᠤᠯ 11 ᠢ ᠲᠤᠰᠴᠤ ᠂ ᠨᠤᠳᠤᠭ ᠤᠨ ᠦᠨᠢᠶᠡᠨ ᠠᠴᠠ 31 | ᠡᠷᠯᠢᠵᠡ ᠲᠤᠭᠤᠯ ᠲᠤᠰᠴᠦ᠂ 1977 ᠤᠨ ᠳᠤ ᠭᠠᠳᠠᠭᠰᠢ ᠪᠠᠨ 14 ᠴᠠᠭᠠᠨ ᠪᠢᠷᠠᠭᠤ ᠬᠤᠳᠠᠯᠳᠤᠬᠤ ᠳᠤ 12 | ᠰᠠᠷ᠎ᠠ ᠠᠷᠠᠢ ᠦᠩᠭᠡᠷᠡᠵᠦ ᠪᠠᠶᠢᠭᠰᠠᠨ ᠪᠢᠷᠠᠭᠤ ᠨᠢ 375 ᠺᠢᠯᠣᠭ᠍ᠷᠠᠮ ᠳᠤ ᠬᠦᠷᠦᠭᠰᠡᠨ ᠪᠠᠶᠢᠨ᠎ᠠ ᠃ | 1978 ᠤᠨ ᠤ ᠡᠴᠦᠰ ᠪᠤᠯᠬᠤ ᠳᠤ ᠴᠡᠪᠡᠷ ᠡᠭᠦᠯᠳᠡᠷ ᠤᠨ ᠱᠠᠷᠦ᠋ᠯᠠᠢ ᠦᠭᠡᠷ 54 ᠲᠤᠯᠤᠭᠠᠢ᠂ | ᠡᠷᠯᠢᠵᠡ ᠨᠢᠭᠡᠳᠦᠭᠡᠷ ᠦᠶ᠎ᠡ ᠶᠢᠨ ᠦᠭᠡᠷ 254 ᠲᠤᠯᠤᠭᠠᠢ᠂ ᠡᠷᠯᠢᠵᠡ ᠬᠤᠶᠠᠳᠤᠭᠠᠷ ᠦᠶ᠎ᠠ ᠶᠢᠨ ᠦᠭᠡᠷ 8 | ᠶᠢ ᠪᠤᠶᠢᠵᠢᠭᠤᠯᠤᠬᠰᠠᠨ ᠪᠦᠭᠡᠳ ᠪᠠᠰᠠ ᠠᠶᠢᠮᠠᠭ ᠤᠨ ᠢᠴᠡᠭᠡᠯ ᠦᠷ᠎ᠠ ᠶᠢᠨ ᠦᠷᠳᠡᠭᠡ᠂ ᠤᠯᠠᠭᠠᠢ ᠮᠠᠯᠵᠢᠯ ᠤᠨ | ᠲᠠᠯᠠᠪᠠᠢ ᠂ ᠤᠯᠠᠭᠠᠠᠴᠠᠪ ᠠᠶᠢᠮᠠᠭ ᠲᠤ ᠰᠠᠶᠢᠨ ᠡᠭᠦᠯᠳᠡᠷ ᠤᠨ ᠪᠤᠬ᠎ᠠ 9 ᠶᠢ ᠦᠭᠴᠤ᠂ ᠡᠯ᠎ᠠ ᠭᠠᠵᠠᠷ ᠤᠨ ᠮᠠᠯ | ᠠᠵᠤ ᠠᠬᠤᠢ ᠶᠢᠨ ᠦᠢᠯᠡᠰ ᠢ ᠲᠡᠮᠵᠢᠭᠰᠡᠨ ᠢᠶᠠᠷ ᠦᠯᠦ ᠪᠠᠷᠠᠨ᠂ ᠴᠡᠪᠡᠷ ᠡᠭᠦᠯᠳᠡᠷ ᠤᠨ ᠪᠤᠬᠠᠨ ᠤ | ᠢᠴᠡᠭᠡᠯ ᠦᠷ᠎ᠠ 11 ᠲᠦᠮᠡᠨ ᠮᠦᠭᠦᠯᠢᠭ ᠢ ᠤᠷᠤᠨ ᠤ ᠲᠤᠳᠤᠷ᠎ᠠ ᠪᠠ ᠭᠠᠳᠠᠨ᠎ᠠ ᠤᠷᠤᠨ ᠳᠤ ᠦᠭᠴᠤ᠂ | ᠨᠢᠭᠡᠳᠦᠭᠡᠷ ᠦᠶ᠎ᠡ ᠶᠢᠨ ᠡᠷᠯᠢᠵᠡ ᠬᠤᠶᠠᠷ ᠨᠠᠰᠤᠨ ᠤ 72 ᠦᠭᠡᠷ ᠢ ᠭᠤᠸᠠᠩᠵᠸᠤ ᠶᠢᠨ ᠭᠠᠳᠠᠭᠠᠳᠦ ᠳᠤ | ᠭᠠᠷᠭᠠᠬᠤ ᠲᠠᠸᠠᠷ ᠤᠨ ᠰᠤᠯᠢᠯᠴᠠᠭᠠᠨ ᠳᠤ ᠭᠦᠷᠭᠡᠵᠤ ᠦᠭᠡᠷ ᠪᠦᠷᠢ ᠲᠤᠮᠳᠠᠴᠢ ᠪᠠᠷ 350 ᠺᠢᠯᠦᠭᠷᠠᠮ ᠪᠠᠶᠢᠵᠤ | ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃ | | ᠪᠠᠷᠠᠭᠤᠨ ᠦᠵᠦᠮᠦᠴᠢᠨ ᠬᠤᠰᠢᠭᠤ ︽ᠨᠠᠢᠮᠠᠳᠤᠭᠠᠷ ᠲᠠᠪᠤᠨ ᠵᠢᠯ︾(1991-1995 ) ᠤᠨ | ᠬᠤᠭᠤᠴᠠᠭᠠᠨ ᠳᠤ ᠦᠭᠡᠷ ᠤᠨ ᠡᠭᠦᠯᠳᠡᠷ ᠢ ᠰᠠᠶᠢᠵᠢᠷᠠᠭᠤᠯᠬᠤ ᠳᠠᠭᠠᠨ ᠡᠮᠤᠨ᠎ᠡ ᠲᠠᠯ᠎ᠠ ᠪᠠᠷ ᠢᠶᠠᠨ ᠴᠠᠭᠠᠨ ᠦᠭᠡᠷ — | ᠱᠠᠷᠦ᠋ᠯᠠᠢ ᠦᠬᠡᠷ ᠢ ᠭᠤᠤᠯᠳᠠᠯᠭ᠎ᠠ ᠲᠠᠢ ᠥᠰᠭᠡᠬᠦ ᠲᠦᠯᠦᠪᠯᠡᠭᠡ ᠪᠠᠷ 1991 ᠤᠨ ᠳᠤ ᠳ᠋ᠠᠴᠢᠨᠪᠠᠯᠠᠭ ᠮᠠᠯᠵᠢᠯ | ᠤᠨ ᠲᠠᠯᠠᠪᠠᠢ ᠨᠢ 700 ᠦᠨᠢᠶᠡᠨ ᠳᠤ ᠢᠴᠡᠭᠡᠯ ᠦᠷ᠎ᠡ ᠶᠢᠨ ᠭᠡᠭᠡᠯᠳᠦᠯᠭᠡ ᠬᠢᠬᠦ ᠡᠭᠦᠷᠭᠡ ᠶᠢ ᠬᠦᠯᠢᠶᠡᠨ ᠠᠪᠴᠤ᠂ | 5 ᠭᠡᠭᠡᠯᠳᠦᠯᠭᠡ ᠶᠢᠨ ᠦᠷᠲᠡᠭᠡ ᠪᠠᠶᠢᠭᠤᠯᠵᠤ ᠠᠵᠢᠯᠯᠠᠬᠰᠠᠨ ᠪᠠᠶᠢᠨ᠎ᠠ ᠃ ᠢᠡᠭᠭᠢᠭᠰᠡᠨ ᠢᠶᠠᠷ ᠱᠠᠷᠦ᠋ᠯᠠᠢ ᠦᠬᠡᠷ | ᠦᠵᠦᠮᠦᠴᠢᠨ ᠨᠤᠳᠤᠭ ᠲᠤ ᠦᠨᠳᠦᠰᠦ ᠬᠠᠳᠬᠤᠨ ᠦᠷᠡᠵᠢᠨ ᠦᠰᠴᠤ᠂ ᠲᠡᠭᠦᠨ ᠤ ᠤᠳᠤᠮ ᠣᠭᠰᠢᠯ ᠢ | ᠮᠠᠯᠴᠢᠳ ᠤᠳᠤ ᠭᠦᠷᠳᠡᠯ᠎ᠡ ᠬᠠᠮᠠᠭᠠᠯᠠᠬᠰᠠᠭᠠᠷ ᠪᠤᠢ ᠃ | ᠪᠠᠷᠠᠭᠤᠨ ᠦᠵᠦᠮᠦᠴᠢᠨ ᠬᠤᠰᠢᠭᠤ ᠬᠠᠭᠠᠰ ᠵᠠᠭᠤᠨ ᠤ ᠲᠤᠷᠰᠢ ᠨᠠᠷᠢᠨ ᠨᠢᠮᠪᠠᠢ ᠪᠠᠷ ᠦᠷ᠎ᠡ ᠰᠣᠩᠭᠤᠨ | ᠪᠣᠶᠢᠵᠢᠭᠤᠯᠬᠤ᠂ ᠡᠭᠦᠯᠳᠡᠷ ᠰᠠᠶᠢᠵᠢᠷᠠᠭᠤᠯᠬᠤ ᠪᠠ ᠴᠡᠪᠡᠷ ᠡᠭᠦᠯᠳᠡᠷ ᠢ ᠨᠢ ᠰᠡᠷᠭᠦᠭᠡᠬᠦ ᠪᠠᠷ ᠳᠠᠮᠵᠢᠭᠤᠯᠤᠨ᠂ | ᠥᠨᠳᠦᠷᠯᠢᠭ ᠬᠦᠢᠲᠡᠨ ᠭᠠᠵᠠᠷ ᠣᠷᠣᠨ ᠳᠤ ᠲᠣᠬᠢᠷᠠᠬᠤ᠂ ᠥᠰᠦᠯᠲᠡ ᠨᠢ ᠲᠦᠷᠭᠡᠨ᠂ ᠥᠰᠴᠦ ᠦᠷᠡᠵᠢᠬᠦ | ᠴᠢᠳᠠᠪᠤᠷᠢ ᠪᠠᠷ ᠴᠢᠩᠭ᠎ᠠ᠂ ᠭᠠᠩ ᠬᠠᠭᠰᠠᠷᠠᠭᠠᠨ ᠳᠤ ᠳᠠᠭᠠᠭᠠᠴᠠ ᠲᠠᠢ᠂ ᠡᠪᠡᠳᠴᠢᠨ ᠡᠮᠭᠡᠭ ᠢ ᠡᠰᠡᠷᠭᠦᠴᠡᠬᠦ | ᠴᠢᠳᠠᠪᠤᠷᠢ ᠪᠠᠷ ᠴᠢᠩᠭ᠎ᠠ᠂ ᠤᠳᠤᠮᠰᠢᠯ ᠤᠨ ᠴᠢᠨᠠᠷ ᠨᠢ ᠲᠣᠭᠲᠠᠭᠤᠨ᠂ ᠳᠠᠪᠠᠭᠤᠯᠢᠭ ᠤᠳᠤᠮ ᠤᠭᠰᠢᠯ ᠲᠠᠢ | ᠥᠪᠡᠷᠮᠢᠴᠡ ᠡᠭᠦᠯᠳᠡᠷ ᠤᠨ ᠱᠠᠷᠦ᠋ᠯᠠᠢ ᠮᠢᠬᠠᠨ ᠤ ᠦᠬᠡᠷ ᠢ ᠪᠣᠶᠢᠵᠢᠭᠤᠯᠤᠨ᠂ ︽ᠦᠵᠦᠮᠦᠴᠢᠨ ᠴᠠᠭᠠᠨ ᠦᠬᠡᠷ︾ | ᠭᠡᠵᠦ ᠲᠦᠷ ᠨᠡᠷᠡᠶᠢᠳᠪᠡ᠃ ᠪᠠᠷᠠᠭᠤᠨ ᠦᠵᠦᠮᠦᠴᠢᠨ ᠬᠤᠰᠢᠭᠤᠨ ᠳᠤ ︽ᠦᠵᠦᠮᠦᠴᠢᠨ ᠴᠠᠭᠠᠨ ᠦᠬᠡᠷ︾ | ᠲᠡᠵᠢᠭᠡᠨ ᠦᠷᠡᠵᠢᠭᠦᠯᠬᠦ ᠡᠷᠦᠬᠡ 800 ᠭᠠᠷᠤᠢ ᠪᠠᠶᠢᠵᠤ᠂ ᠵᠢᠯ ᠳᠤ ᠪᠠᠷᠤᠭ 58000 ᠲᠣᠯᠣᠭᠠᠢ ᠴᠠᠭᠠᠨ ᠦᠬᠡᠷ | ᠣᠨᠳᠣᠷᠤᠭᠤᠯᠵᠤ᠂ ᠣᠷᠣᠨ ᠪᠦᠰᠡ ᠶᠢᠨ ᠴᠢᠨᠠᠷᠲᠠᠢ ᠥᠪᠡᠷᠮᠢᠴᠡ ᠰᠦᠷᠦᠭᠵᠢᠯ ᠢ ᠪᠣᠶ ᠪᠣᠯᠭᠠᠨ᠂ ᠤᠯᠤᠰ ᠤᠨ | ᠳᠣᠲᠣᠭᠠᠳᠤ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠪᠠᠷ ᠬᠠᠮᠤᠭ ᠤᠨ ᠶᠡᠭᠡ ᠮᠢᠬᠠᠨ ᠤ ᠦᠬᠡᠷ ᠤᠨ ᠰᠦᠷᠦᠭᠵᠢᠯ | ᠪᠣᠯᠣᠭᠰᠠᠨ ᠪᠠᠶᠢᠨ᠎ᠠ᠃ | 2022 ᠣᠨ ᠤ 4 ᠰᠠᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠠᠴᠠ ᠪᠠᠷᠠᠭᠤᠨ ᠦᠵᠦᠮᠦᠴᠢᠨ ᠬᠤᠰᠢᠭᠤ ᠶᠢ ᠪᠥᠬᠦ ᠤᠯᠤᠰ ᠤᠨ ᠲᠠᠯ᠎ᠠ ᠨᠤᠲᠤᠭ ᠤᠨ | ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ 15 ᠲᠤᠷᠰᠢᠯᠲᠠ ᠶᠢᠨ ᠭᠠᠵᠠᠷ ᠣᠷᠣᠨ ᠤ | ᠨᠢᠭᠡ ᠪᠠᠷ ᠲᠣᠭᠲᠠᠭᠠᠪᠠ᠃ ᠲᠣᠰ ᠵᠢᠯ ᠳᠤ᠂ ︽ᠦᠵᠦᠮᠦᠴᠢᠨ ᠴᠠᠭᠠᠨ ᠦᠬᠡᠷ︾ ᠤᠨ ᠰᠢᠨ᠎ᠡ ᠡᠭᠦᠯᠳᠡᠷ ᠢ | ᠮᠠᠭᠠᠳᠯᠠᠨ ᠲᠣᠭᠲᠠᠭᠠᠬᠤ ᠵᠢᠴᠢ ᠤᠯᠤᠰ ᠤᠨ ᠲᠠᠰ ᠤᠨ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠪᠠᠶᠢᠭᠤᠯᠬᠤ | ᠠᠵᠢᠯ ᠢ ᠯᠠᠪᠳᠠᠭᠤᠨ ᠢᠶᠠᠷ ᠠᠬᠢᠭᠤᠯᠬᠤ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤ ᠨᠢ ︽ᠦᠵᠦᠮᠦᠴᠢᠨ | ᠴᠠᠭᠠᠨ ᠦᠬᠡᠷ︾ ᠤᠨ ᠰᠢᠨ᠎ᠡ ᠡᠭᠦᠯᠳᠡᠷ ᠢ ᠮᠠᠭᠠᠳᠯᠠᠨ ᠲᠣᠭᠲᠠᠭᠠᠬᠤ ᠪᠠ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ | ᠪᠠᠶᠢᠭᠤᠯᠬᠤ ᠠᠵᠢᠯ ᠢ ᠪᠥᠬᠦ ᠤᠯᠤᠰ ᠤᠨ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ | ᠲᠠᠰ ᠳᠡᠪᠰᠢᠭᠦᠯᠬᠦ ᠲᠥᠷᠥᠯ ᠵᠦᠢᠯ ᠳᠤ ᠣᠷᠣᠭᠤᠯᠵᠤ᠂ 2000 ᠲᠦᠮᠡᠨ ᠲᠥᠭᠦᠷᠢᠭ ᠤᠨ ᠪᠡᠯᠡ ᠮᠥᠩᠭᠦ | ᠣᠷᠣᠭᠤᠯᠤᠨ᠂ ᠡᠨᠡ ᠵᠢᠯ ᠤᠨ 7 ᠰᠠᠷ᠎ᠠ ᠳᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ | 2024 ᠣᠨ ᠤ ᠵᠢᠯ ᠤᠨ ᠡᠴᠦᠰ ᠪᠣᠯᠲᠠᠯ᠎ᠠ ᠪᠦᠲᠦᠭᠡᠨ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃ | ᠳᠠᠷᠠᠭ᠎ᠠ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ᠮᠢᠬᠠᠨ ᠤ ᠦᠬᠡᠷ ᠤᠨ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠦᠷᠭᠦᠯᠵᠢᠯᠡᠨ ᠲᠦᠷᠭᠡᠳᠬᠡᠵᠦ᠂ ︽ᠦᠵᠦᠮᠦᠴᠢᠨ ᠴᠠᠭᠠᠨ | ᠦᠬᠡᠷ︾ ᠢ ᠪᠣᠶᠢᠵᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠣᠯᠯᠠᠬᠤ | ᠠᠵᠤ ᠦᠢᠯᠡᠰ ᠤᠨ ᠨᠢᠭᠡ ᠪᠣᠯᠭᠠᠨ᠂ ᠲᠤᠭ᠎ᠠ ᠲᠣᠯᠣᠭᠠᠢ ᠶᠢ ᠨᠢ ᠥᠰᠬᠡᠬᠦ᠂ ᠶᠠᠰᠤ ᠴᠢᠨᠠᠷ ᠢ ᠨᠢ ᠳᠡᠭᠡᠭᠰᠢᠯᠡᠭᠦᠯᠬᠦ᠂ | ᠦᠷ᠎ᠡ ᠠᠰᠢᠭ ᠢ ᠨᠢ ᠨᠡᠮᠡᠭᠳᠡᠭᠦᠯᠬᠦ ᠶᠢᠨ ᠬᠠᠮᠲᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠵᠦ᠂ | ᠡᠳ᠋ᠰᠢᠭᠦᠯᠦᠯᠲᠡ ᠶᠢᠨ ᠳᠤᠲᠠᠭᠳᠠᠯ ᠢ ᠨᠥᠬᠦᠪᠦᠷᠢᠯᠡᠵᠦ᠂ ᠦᠬᠡᠷ ᠤᠨ ᠮᠢᠬᠠᠨ ᠤ ᠨᠡᠮᠡᠯᠲᠡ ᠥᠷᠲᠡᠭ ᠢ ᠨᠡᠮᠡᠭᠳᠡᠭᠦᠯᠦᠨ᠂ | ᠠᠵᠤ ᠦᠢᠯᠡᠰ ᠬᠥᠭᠵᠢᠨ ᠪᠠᠳᠠᠷᠠᠬᠤ᠂ ᠬᠠᠮᠲᠤ ᠪᠠᠷ ᠪᠠᠶᠠᠵᠢᠬᠤ ᠰᠢᠨ᠎ᠡ ᠵᠠᠮ ᠢ ᠰᠦᠪᠡᠭᠴᠢᠯᠡᠨ ᠭᠠᠷᠭᠠᠵᠤ᠂ | ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠭᠦᠯᠬᠦ ᠦᠬᠡᠷ ᠤᠨ ᠡᠭᠦᠯᠳᠡᠷ ᠪᠣᠯᠭᠠᠬᠤ ᠪᠠᠷ ᠪᠣᠢ᠃ | | |