ᠡᠷᠡᠬᠡᠢ ᠶᠢᠨ ᠡᠷᠳᠡᠮ ᠢ ᠭᠠᠶᠢᠬᠠᠭᠤᠯᠤᠭᠰᠠᠨ ᠰᠤᠷᠴᠢᠨ ᠤ ᠦᠢᠯᠡᠰ ᠰᠠᠶᠢᠬᠠᠨ | | ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠡᠷᠡᠨ ᠳᠤ ᠮᠠᠯᠴᠢᠳ ᠮᠠᠨᠢ ᠤᠷᠤᠯᠳᠤᠯᠭ᠎ᠠ ᠴᠢᠷᠮᠠᠶᠢᠯᠭ᠎ᠠ᠂ | ᠤᠷ᠎ᠠ ᠠᠪᠢᠶᠠᠰ ᠢᠶᠠᠷ ᠢᠶᠠᠨ ᠤᠯᠠᠨ ᠲᠠᠯ᠎ᠠ ᠶᠢᠨ ᠠᠵᠢᠯ ᠦᠢᠯᠡᠰ ᠲᠤ ᠤᠷᠤᠯᠴᠠᠨ ᠠᠮᠵᠢᠯᠳᠠ ᠪᠦᠳᠦᠭᠡᠯ ᠲᠠᠢ ᠰᠠᠶᠢᠬᠠᠨ | ᠶᠠᠪᠤᠵᠠᠭᠠᠨ᠎ᠠ᠃ ᠤᠶᠢᠷ᠎ᠠ ᠳᠤ᠂ ᠰᠤᠷᠪᠤᠯᠵᠢᠯᠠᠭᠴᠢ ᠡᠪᠡᠷ ᠨᠤᠮᠤ ᠶᠢ ᠬᠢᠵᠦ ᠦᠢᠯᠡᠳᠴᠦ ᠶᠠᠪᠤᠭ᠎ᠠ ᠮᠠᠯᠴᠢᠨ ᠪᠤᠯᠤᠷ ᠤᠨ | ᠠᠷᠪᠠᠨ ᠵᠢᠯ ᠤᠨ ᠦᠢᠯᠡᠰ ᠬᠦᠭᠡᠭᠡᠴᠡᠯᠳᠦᠯ ᠢ ᠨᠢ ᠰᠤᠷᠪᠤᠯᠵᠢᠯᠠᠨ ᠤᠶᠢᠯᠠᠭᠠᠭᠰᠠᠨ ᠶᠤᠮ᠃ | | | ᠰᠤᠷᠪᠤᠯᠵᠢᠯᠠᠭᠴᠢ᠂ ᠪᠤᠯᠤᠷ ᠤᠨ ᠨᠤᠮᠤ ᠰᠤᠮᠤ ᠬᠢᠬᠦ ᠭᠠᠵᠠᠷ ᠬᠦᠷᠬᠦ ᠳᠤ᠂ ᠲᠡᠷᠡ ᠪᠠᠷ ᠪᠦᠰᠡᠭᠦᠢ ᠤᠶᠤᠨᠴᠢᠮᠡᠭ ᠲᠠᠢ ᠪᠠᠨ | ᠡᠨᠡ ᠵᠢᠯ ᠤᠨ ᠵᠠᠬᠢᠶᠠᠯᠠᠭ᠎ᠠ ᠶᠢᠨ ᠨᠤᠮᠤ ᠪᠠᠨ ᠬᠢᠵᠦ ᠪᠠᠶᠢᠯ᠎ᠠ᠃ ᠡᠨᠡ ᠵᠢᠯ ᠪᠤᠯᠤᠷ ᠤᠷᠳᠤᠰ᠂ ᠬᠦᠬᠡᠬᠤᠳᠠ ᠪᠤᠯᠤᠨ | ᠰᠢᠯᠢ ᠶᠢᠨ ᠭᠤᠤᠯ ᠠᠶᠢᠮᠠᠭ ᠤᠨ ᠢᠶᠠᠨ ᠡᠯ᠎ᠡ ᠬᠤᠰᠢᠭᠤᠨ ᠠᠴᠠ ᠲᠠᠪᠢᠭᠠᠳ ᠨᠤᠮᠤ ᠰᠤᠮᠤ ᠶᠢᠨ ᠵᠠᠬᠢᠶᠠᠯᠠᠭ᠎ᠠ ᠶᠢ ᠲᠤᠰᠴᠤ᠂ | ᠤᠳᠤ ᠶᠠᠭ ᠴᠠᠭ ᠢ ᠠᠮᠵᠢᠨ ᠬᠢᠵᠦ ᠭᠠᠷᠭᠠᠬᠤ ᠪᠠᠷ ᠶᠠᠭᠠᠷᠠᠯᠳᠤᠨ᠎ᠠ᠃ ᠰᠤᠷᠪᠤᠯᠵᠢᠯᠠᠭ᠎ᠠ ᠲᠤᠮᠳᠠ ᠪᠢᠳᠡ ᠨᠤᠮᠤ ᠰᠤᠮᠤ ᠬᠢᠬᠦ | ᠨᠢ ᠮᠠᠰᠢ ᠨᠠᠷᠢᠨ ᠰᠢᠷᠢᠨ᠂ ᠴᠠᠭ ᠨᠦᠭᠴᠢᠭᠡᠬᠦ ᠠᠵᠢᠯ ᠭᠡᠳᠡᠭ ᠢ ᠤᠶᠢᠯᠠᠭᠠᠯ᠎ᠠ᠃ | | ᠪᠤᠯᠤᠷ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠤᠨᠳᠤᠷᠠᠢ ᠭᠠᠴᠠᠭ᠎ᠠ ᠪᠠᠷ ᠨᠤᠳᠤᠭ ᠲᠠᠢ᠃ | ᠲᠡᠷᠡᠪᠡᠷ ᠠᠪᠤ ᠶᠢᠨ ᠢᠶᠠᠨ ᠨᠦᠯᠦᠭᠡ ᠪᠠᠷ ᠬᠠᠷᠠᠬᠠᠨ ᠪᠠᠭ᠎ᠠ ᠠᠴᠠ ᠪᠠᠨ ᠵᠢᠷᠤᠭ ᠤᠷᠠᠯᠠᠯ ᠳᠤ ᠪᠠᠭ᠋ᠠᠳᠠᠢ ᠪᠤᠯᠵᠤ᠂ ᠨᠤᠳᠤᠭ ᠤᠨ | ᠠᠬᠠᠮᠠᠳ ᠤᠷᠠᠴᠤᠳ ᠠᠴᠠ ᠰᠡᠶᠢᠯᠪᠤᠷᠢ ᠰᠤᠷᠴᠤ ᠭᠡᠷ ᠤᠨ ᠵᠠᠰᠠᠯ ᠴᠢᠮᠡᠭᠯᠡᠯ ᠬᠢᠵᠦ ᠶᠠᠪᠤᠵᠠᠢ᠃ ᠤᠶᠢᠷ᠎ᠠ ᠶᠢᠨ ᠵᠢᠯ ᠳᠤ ᠰᠤᠷ | ᠬᠠᠷᠪᠤᠯᠭ᠎ᠠ ᠶᠢᠨ ᠲᠠᠮᠢᠷ ᠤᠨ ᠦᠢᠯᠡᠰ ᠤᠨ ᠲᠦᠭᠡᠮᠡᠯᠵᠢᠬᠦ ᠶᠢ ᠲᠠᠭᠠᠯᠳᠤᠨ ᠪᠤᠯᠤᠷ ᠴᠦ ᠰᠤᠷ ᠬᠠᠷᠪᠤᠯᠭ᠎ᠠ ᠶᠢ ᠰᠤᠷᠴᠤ᠂ | ᠤᠯᠠᠨ ᠤᠳᠠᠭ᠎ᠠ ᠤᠷᠤᠯᠳᠤᠭᠠᠨ ᠲᠡᠮᠡᠴᠡᠭᠡᠨ ᠳᠤ ᠤᠷᠤᠯᠴᠠᠨ ᠦᠵᠦᠭᠦᠷ ᠲᠡᠷᠢᠭᠦᠨ ᠳᠤ ᠬᠦᠷᠴᠦ ᠠᠮᠵᠢᠯᠳᠠ ᠤᠯᠵᠤ | ᠪᠠᠶᠢᠯ᠎ᠠ᠃ ᠡᠨᠡ ᠬᠤᠭᠤᠴᠠᠭᠠᠨ ᠳᠤ ᠲᠡᠷᠡ ᠦᠨᠳᠦᠰᠦᠳᠡᠨ ᠤ ᠤᠯᠠᠮᠵᠢᠯᠠᠯᠳᠤ ᠡᠷ᠎ᠡ ᠶᠢᠨ ᠭᠤᠷᠪᠠᠨ ᠨᠠᠭᠠᠳᠤᠮ ᠤᠨ ᠨᠢᠭᠡ | ᠪᠤᠯᠬᠤ ᠰᠤᠷ ᠬᠠᠷᠪᠤᠯᠭ᠎ᠠ ᠨᠢ ᠴᠡᠴᠡᠨ ᠪᠢᠯᠢᠭ ᠤᠷ᠎ᠠ ᠠᠪᠢᠶᠠᠰ ᠪᠠ ᠡᠭᠦᠳᠦᠨ ᠪᠦᠳᠦᠭᠡᠬᠦ ᠴᠢᠳᠠᠪᠤᠷᠢ ᠶᠢ ᠬᠦᠢᠴᠡᠳ | ᠬᠠᠷᠠᠭᠤᠯᠤᠭᠰᠠᠨ ᠨᠡᠶᠢᠳᠡ ᠮᠤᠩᠭᠤᠯ ᠲᠦᠮᠡᠨ ᠤ ᠰᠤᠩᠭᠤᠳᠠᠭ ᠪᠦᠳᠦᠭᠡᠯ ᠪᠤᠯᠬᠤ ᠶᠢ ᠤᠶᠢᠯᠠᠭᠠᠭᠰᠠᠨ ᠢᠶᠠᠷ ᠪᠠᠷᠠᠬᠤ ᠦᠭᠡᠢ | ᠡᠨᠡᠬᠦ ᠤᠯᠠᠮᠵᠢᠯᠠᠯᠳᠤ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠳᠡ ᠶᠢᠨ ᠢᠷᠡᠭᠡᠳᠦᠢ ᠶᠢ ᠤᠯᠵᠤ ᠬᠠᠷᠠᠵᠦ᠂ ᠲᠤᠷ᠎ᠠ | ᠰᠤᠨᠢᠷᠬᠠᠯ ᠳᠠᠭᠠᠨ ᠬᠦᠳᠦᠯᠦᠭᠳᠡᠨ ᠨᠤᠮᠤ ᠰᠤᠮᠤ ᠦᠢᠯᠡᠳᠴᠦ ᠬᠢᠬᠦ ᠦᠢᠯᠡᠰ ᠢᠶᠠᠨ ᠡᠬᠢᠯᠡᠭᠦᠯᠦᠭᠰᠡᠨ ᠪᠠᠶᠢᠨ᠎ᠠ᠃ | | | ᠪᠤᠯᠤᠷ ᠠᠩᠬ᠎ᠠ ᠡᠬᠢᠨ ᠳᠡᠭᠡᠨ ᠡᠶᠢᠨᠬᠦ ᠬᠢᠵᠦ ᠪᠦᠳᠦᠭᠡᠬᠦ ᠶᠢᠨ ᠪᠡᠷᠬᠡ ᠶᠢ ᠲᠤᠭᠤᠯᠵᠤ ᠪᠡᠳᠡᠷᠢᠵᠦ ᠵᠦᠳᠡᠷᠡᠵᠦ ᠶᠠᠪᠤᠭᠰᠠᠨ | ᠴᠦ ᠵᠤᠷᠢᠭ ᠮᠤᠬᠤᠵᠦ ᠬᠤᠶᠢᠰᠢ ᠰᠠᠭᠤᠭᠰᠠᠨ ᠦᠭᠡᠢ᠂ ᠤᠯᠠᠨ ᠤᠳᠠᠭᠠᠨ ᠤ ᠤᠷᠤᠯᠳᠤᠯᠭ᠎ᠠ ᠲᠣᠷᠰᠢᠯᠲᠠ ᠪᠠᠷ | ᠦᠨᠳᠦᠰᠦᠳᠡᠨ ᠤ ᠤᠯᠠᠮᠵᠢᠯᠠᠯᠳᠤ ᠡᠪᠡᠷ ᠨᠤᠮᠤ ᠬᠢᠬᠦ ᠤᠷ᠎ᠠ ᠮᠡᠷᠭᠡᠵᠢᠯ ᠢ ᠪᠦᠷᠢᠨ ᠡᠵᠡᠮᠰᠢᠵᠦ᠂ 2013 ᠤᠨ ᠳᠤ ᠡᠬᠢᠯᠡᠵᠦ | ᠬᠢᠭᠰᠡᠨ ᠠᠴᠠ ᠨᠠᠰᠢ ᠨᠢᠭᠡᠨᠳᠡ 500 ᠭᠠᠷᠤᠢ ᠡᠪᠡᠷ ᠨᠤᠮᠤ ᠬᠢᠵᠦ ᠦᠪᠦᠷ ᠮᠤᠩᠭᠤᠯ ᠤᠷᠤᠨ ᠤ ᠪᠠᠨ ᠡᠯ᠎ᠡ ᠭᠠᠵᠠᠷ ᠲᠤ | ᠬᠤᠳᠠᠯᠳᠤᠨ ᠪᠤᠷᠤᠯᠠᠭᠤᠯᠤᠭᠠᠳ ᠪᠠᠶᠢᠨ᠎ᠠ᠃ ᠤᠳᠤ ᠲᠡᠷᠡᠪᠡᠷ ᠡᠪᠡᠷ ᠨᠤᠮᠤ ᠬᠢᠬᠦ ᠶᠢ ᠲᠤᠬᠠᠶᠢᠯᠠᠭᠰᠠᠨ ᠠᠵᠢᠯ ᠢᠶᠠᠨ ᠪᠤᠯᠭᠠᠵᠦ | ᠵᠢᠯ ᠤᠨ ᠭᠤᠴᠢᠭᠠᠳ ᠲᠦᠮᠡᠨ ᠲᠦᠭᠦᠷᠢᠭ ᠤᠨ ᠤᠷᠤᠯᠭ᠎ᠠ ᠤᠯᠳᠠᠭ ᠲᠡᠳᠦᠢ ᠦᠭᠡᠢ ᠬᠤᠰᠢᠭᠤᠨ ᠤ ᠪᠠᠨ ︽ᠵᠡᠪᠡ︾ ᠰᠤᠷ | ᠬᠠᠷᠪᠤᠯᠳᠠ ᠶᠢᠨ ᠨᠡᠶᠢᠭᠡᠮᠯᠢᠭ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠦᠢᠯᠡᠰ ᠲᠤ ᠭᠠᠷᠮᠠᠭᠠᠶᠢᠯᠠᠨ ᠤᠷᠤᠯᠴᠠᠵᠦ ᠶᠠᠪᠤᠨ᠎ᠠ᠃ |