ᠪᠡᠶ᠎ᠡ ᠵᠡᠮᠳᠡᠭ ᠴᠦ ᠣᠷᠣᠯᠳᠤᠯᠭ᠎ᠠ ᠴᠢᠷᠮᠠᠶᠢᠯᠭ᠎ᠠ ᠲᠠᠢ ᠮᠠᠯᠴᠢᠨ ᠪᠠᠶᠠᠨ᠎ᠠ | | ᠤᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠮᠠᠯᠴᠢᠨ ᠪᠠᠶᠠᠨ᠎ᠠ ᠬᠦᠬᠡᠬᠤᠳᠠ ᠳᠤ ᠶᠠᠪᠤᠭᠳᠠᠭᠰᠠᠨ ᠪᠦᠬᠦ | ᠤᠷᠤᠨ ᠤ ᠮᠦᠴᠢ ᠵᠡᠮᠳᠡᠭ ᠬᠦᠮᠦᠰ ᠤᠨ ᠰᠤᠷ ᠬᠠᠷᠪᠤᠯᠭ᠎ᠠ ᠶᠢᠨ ᠤᠷᠢᠯᠭ᠎ᠠ ᠶᠢᠨ ᠤᠷᠤᠯᠳᠤᠭᠠᠨ ᠤ ᠡᠷᠡᠭᠲᠡᠢ ᠶᠢᠨ ᠨᠤᠭᠤᠯᠤᠭ᠎ᠠ | ᠤᠷᠤᠯᠳᠤᠭᠠᠨ ᠳᠤ ᠲᠡᠷᠢᠭᠦᠯᠡᠭᠰᠡᠨ ᠰᠠᠶᠢᠬᠠᠨ ᠴᠢᠮᠡᠭᠡ ᠨᠤᠳᠤᠭ ᠤᠰᠤᠨ ᠤ ᠬᠢᠨ ᠢᠶᠠᠨ ᠪᠠᠶᠠᠰᠬᠠᠯ᠎ᠠ᠃ | | | ᠪᠠᠶᠠᠨ᠎ᠠ 1979 ᠣᠨ ᠳᠤ ᠭᠤᠷᠤᠬᠠᠨ ᠪᠠᠯᠭᠠᠰᠤᠨ ᠤ ᠲᠤᠯᠭ᠎ᠠ ᠭᠠᠴᠠᠭᠠᠨ ᠳᠤ ᠲᠦᠷᠦᠵᠦ᠂ ᠲᠦᠷᠪᠡᠨ ᠨᠠᠰᠤᠳᠠᠢ ᠳᠠᠭᠠᠨ | ᠡᠮᠴᠢᠯᠡᠭᠡᠨ ᠤ ᠠᠯᠳᠠᠭᠳᠠᠯ ᠠᠴᠠ ᠪᠤᠯᠵᠤ ᠵᠡᠭᠦᠨ ᠬᠦᠯ ᠨᠢ ᠭᠡᠮᠳᠦᠵᠦ ᠲᠦᠷᠪᠡᠳᠦᠭᠡᠷ ᠲᠡᠰ ᠤᠨ ᠵᠡᠮᠳᠡᠭ ᠪᠤᠯᠵᠠᠢ᠃ ᠬᠠᠳᠠᠭᠤ | ᠠᠮᠢᠳᠤᠷᠠᠯ ᠤᠨ ᠡᠷᠭᠡ ᠪᠠᠷ ᠡᠶᠢᠨᠬᠦ ᠨᠢᠯᠬ᠎ᠠ ᠪᠠᠭ᠎ᠠ ᠨᠠᠰᠤᠨ ᠳᠠᠭᠠᠨ ᠪᠡᠶ᠎ᠡ ᠰᠡᠳᠬᠢᠯ ᠤᠨ ᠲᠠᠷᠤᠮᠳᠠ ᠳᠤ ᠤᠷᠤᠭᠰᠠᠨ ᠴᠦ | ᠪᠠᠶᠠᠨ᠎ᠠ ᠶᠡᠷᠦ ᠨᠢ ᠤᠷᠤᠯᠳᠤᠯᠭ᠎ᠠ ᠴᠢᠷᠮᠠᠶᠢᠯᠭ᠎ᠠ ᠲᠠᠢ ᠪᠠᠶᠢᠵᠤ ᠮᠠᠰᠢᠨ ᠮᠤᠲ᠋ᠤᠷ ᠵᠠᠰᠠᠵᠦ ᠰᠡᠯᠪᠢᠬᠦ ᠶᠢ ᠴᠦ ᠰᠤᠷᠴᠤ ᠬᠢᠵᠦ | ᠪᠦᠳᠦᠭᠡᠬᠦ ᠶᠢᠨ ᠮᠦᠷᠦᠭᠡᠳᠦᠯ ᠳᠤ ᠬᠦᠳᠦᠯᠦᠭᠳᠡᠳᠡᠭ ᠪᠠᠶᠢᠯ᠎ᠠ᠃ | | ᠪᠠᠶᠠᠨ᠎ᠠ ᠡᠪᠡᠷ ᠨᠤᠮᠤ ᠬᠠᠷᠪᠤᠬᠤ ᠶᠢ ᠰᠤᠷᠴᠤ ᠡᠬᠢᠯᠡᠭᠰᠡᠨ ᠠᠴᠠ ᠨᠠᠰᠢ ᠬᠠᠳᠠᠭᠤ ᠴᠢᠩᠭ᠎ᠠ ᠪᠤᠯᠪᠠᠰᠤᠷᠠᠯ ᠢᠶᠠᠷ ᠲᠠᠮᠵᠢᠨ | ᠤᠷ᠎ᠠ ᠮᠡᠷᠭᠡᠵᠢᠯ ᠨᠢ ᠢᠯᠡᠳᠳᠡ ᠲᠡᠭᠡᠭᠰᠢᠯᠡᠪᠡ᠃ ᠡᠶᠢᠨᠬᠦ ᠲᠡᠷᠡ ᠪᠠᠷ ᠠᠶᠢᠮᠠᠭ ᠤᠷᠤᠨ ᠢᠶᠠᠨ ᠲᠦᠯᠦᠭᠡᠯᠡᠨ ᠤᠷᠤᠯᠳᠤᠭᠠᠨ | ᠮᠦᠷᠦᠶᠢᠴᠡᠭᠡᠨ ᠳᠤ ᠤᠯᠠᠠᠳᠠ ᠤᠷᠤᠯᠴᠠᠵᠦ᠂ ᠤᠷᠢᠳ ᠬᠤᠵᠢᠳ 2018 ᠣᠨ ᠳᠤ ᠪᠤᠯᠤᠭᠰᠠᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ | 30m ᠤᠨ ᠡᠷᠡᠭᠲᠡᠢ ᠶᠢᠨ ᠰᠤᠷ ᠬᠠᠷᠪᠤᠯᠭ᠎ᠠ ᠶᠢᠨ ᠬᠤᠣᠰ ᠡᠭᠡᠯᠵᠢ ᠶᠢᠨ ᠤᠷᠤᠯᠳᠤᠭᠠᠨ᠂ 2016 ᠤᠨ ᠳᠤ ᠪᠤᠯᠤᠭᠰᠠᠨ | ᠰᠢᠯᠢ ᠶᠢᠨ ᠭᠤᠤᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ | ᠳᠤ ᠲᠡᠷᠢᠬᠦᠯᠡᠵᠦ᠂ ᠪᠦᠬᠦ ᠤᠯᠤᠰ ᠤᠨ ᠠᠷᠪᠠᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠪᠠ ᠲᠤᠯᠤᠳᠤᠭᠠᠷ ᠬᠤᠭᠤᠴᠠᠭᠠᠨ ᠤ ᠤᠨᠴᠠᠭᠠᠢ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ | ᠤᠷᠤᠯᠳᠤᠭᠠᠨ ᠮᠦᠷᠦᠶᠢᠴᠡᠭᠡᠨ ᠳᠤ ᠤᠷᠤᠯᠴᠠᠨ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠭᠠᠷᠮᠠᠭᠠᠢ ᠰᠤᠷᠴᠢᠨ ᠲᠠᠢ | ᠤᠷ᠎ᠠ ᠮᠡᠷᠭᠡᠵᠢᠯ ᠢᠶᠠᠨ ᠰᠢᠯᠭᠠᠯᠴᠠᠵᠦ ᠨᠤᠳᠤᠭ ᠤᠰᠤᠨ ᠳᠠᠭᠠᠨ ᠴᠤᠤᠳᠠᠢ ᠭᠠᠷᠮᠠᠭᠠᠢ ᠰᠤᠷᠴᠢᠨ ᠪᠤᠯᠵᠠᠢ᠃ | | ᠪᠠᠶᠠᠨ᠎ᠠ ᠤᠳᠤ ᠬᠦᠳᠡᠭᠡ ᠨᠤᠳᠤᠭ ᠲᠠᠭᠠᠨ 1300 ᠭᠠᠷᠤᠢ ᠮᠦ ᠨᠤᠳᠤᠭ ᠪᠡᠯᠴᠢᠭᠡᠷ ᠲᠡᠭᠡᠷ᠎ᠡ ᠪᠠᠨ 300 ᠭᠠᠷᠤᠢ | ᠬᠤᠨᠢ ᠮᠠᠯᠵᠢᠨ ᠪᠦᠰᠡᠭᠦᠢ ᠬᠦᠦ ᠲᠠᠢ ᠪᠠᠨ ᠲᠦᠪᠬᠢᠨᠡᠬᠦᠨ ᠰᠠᠶᠢᠬᠠᠨ ᠠᠮᠢᠳᠤᠷᠠᠵᠦ ᠪᠠᠶᠢᠨ᠎ᠠ᠃ ᠬᠡᠳᠦᠶᠢᠪᠡᠷ ᠪᠡᠶ᠎ᠡ ᠵᠡᠮᠳᠡᠭ | ᠮᠠᠯᠴᠢᠨ ᠬᠦᠮᠦᠨ ᠴᠦ ᠲᠡᠷᠡ ᠪᠠᠷ ᠠᠮᠢᠳᠤᠷᠠᠯ ᠢᠶᠠᠨ ᠬᠢᠵᠦ ᠪᠦᠳᠦᠭᠡᠬᠦ ᠶᠢᠨ ᠮᠦᠷᠦᠭᠡᠳᠦᠯ ᠤᠨ ᠲᠤᠮᠳᠠ ᠦᠩᠭᠡᠷᠡᠭᠡᠵᠦ᠂ | ᠮᠠᠯᠵᠢᠬᠤ ᠦᠢᠯᠡᠳᠪᠦᠷᠢᠯᠡᠯ ᠤᠨ ᠢᠶᠠᠨ ᠴᠢᠯᠦᠭᠡ ᠪᠠᠷ ᠪᠠᠭ᠋ᠠᠳᠠᠢ ᠦᠢᠯᠡᠰ ᠰᠤᠷ ᠬᠠᠷᠪᠤᠯᠭ᠎ᠠ ᠪᠠᠨ ᠰᠤᠷᠢᠵᠦ ᠪᠤᠯᠪᠠᠰᠤᠷᠠᠨ | ᠶᠠᠪᠤᠨ᠎ᠠ᠃ |