ᠵᠢᠷᠠᠨᠭᠤᠣᠯ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/6/27
ᠵᠢᠷᠠᠨᠭᠤᠣᠯ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠳᠤᠷ ᠬᠢᠵᠦ ᠪᠠᠶᠢᠨ᠎ᠠ                                             ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠢᠷᠠᠨᠭᠤᠣᠯ ᠪᠠᠯᠭᠠᠰᠤ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠳᠤᠷ ᠴᠡᠭᠴᠡᠯᠡᠨ ᠵᠠᠰᠠᠵᠦ ᠪᠠᠶᠢᠨ᠎ᠠ᠃    ᠵᠢᠷᠠᠨᠭᠤᠣᠯ ᠪᠠᠯᠭᠠᠰᠤ ᠶᠢᠨ ᠰᠠᠭᠤᠭᠠᠯᠢ ᠠᠷᠠᠳ ᠤᠨ ᠵᠥᠪᠯᠡᠯ ᠨᠢ ᠪᠠᠶᠢᠩᠭᠤ ᠰᠠᠭᠤᠭ᠎ᠠ ᠬᠥᠮᠥᠨ ᠠᠮᠠ ᠨᠡᠯᠢᠶᠡᠳ ᠤᠯᠠᠨ ᠪᠠᠶᠢᠳᠠᠯ ᠳᠤ ᠴᠢᠭᠯᠡᠭᠦᠯᠦᠨ ᠠᠷᠪᠠᠭᠠᠳ ᠨᠡᠷ᠎ᠡ ᠣᠷᠴᠢᠨ ᠲᠣᠭᠤᠷᠢᠨ ᠤ ᠴᠡᠪᠡᠷᠯᠡᠭᠡᠨ ᠤ ᠠᠵᠢᠯᠴᠢᠨ ᠢ ᠤᠷᠢᠨ ᠬᠡᠷᠡᠭᠯᠡᠵᠦ ᠵᠡᠭᠡᠯᠢ ᠭᠤᠳᠤᠮᠵᠢ᠂ ᠭᠤᠣᠯ ᠵᠠᠮ ᠢ ᠡᠳᠦᠷ ᠪᠦᠷᠢ ᠲᠤᠭᠳᠠᠭᠰᠠᠨ ᠬᠤᠭᠤᠴᠠᠭᠠᠨ ᠳᠤ ᠴᠡᠪᠡᠷᠯᠡᠵᠦ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠪᠠ᠃     ᠰᠣᠷᠪᠤᠯᠵᠢᠯᠠᠭ᠎ᠠ᠄ ᠵᠢᠷᠠᠨᠭᠤᠣᠯ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠯᠢ ᠪᠦᠬᠡ --- ᠮᠠᠨ ᠤ ᠪᠠᠯᠭᠠᠰᠤ ᠨᠢ ᠤᠯᠤᠰ ᠢᠶᠠᠨ ᠬᠠᠶᠢᠷᠠᠯᠠᠬᠤ ᠠᠷᠢᠭᠤᠨ ᠴᠡᠪᠡᠷ ᠤᠨ ᠠᠵᠢᠯ ᠤᠨ ᠰᠢᠰᠲ᠋ᠧᠮ ᠢ ᠲᠡᠭᠦᠯᠳᠡᠷᠵᠢᠬᠦᠯᠦᠨ ᠠᠵᠢᠯ ᠤᠨ ᠵᠢᠯᠤᠭᠤᠳᠬᠤ ᠲᠤᠭᠤᠶᠢᠯᠠᠩ ᠪᠠᠶᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠨᠠᠷᠢᠨ ᠪᠠᠶᠢᠷᠢᠯᠠᠭᠤᠯᠤᠨ ᠡᠷᠴᠢᠮᠳᠡᠢ ᠦᠷᠨᠢᠬᠦᠯᠵᠦ ᠢᠷᠡᠭᠰᠡᠨ ᠪᠠᠶᠢᠨ᠎ᠠ᠃      ᠣᠶᠢᠷ᠎ᠠ ᠶᠢᠨ ᠵᠢᠯ ᠳᠤ᠂ ᠵᠢᠷᠠᠨᠭᠤᠣᠯ ᠪᠠᠯᠭᠠᠰᠤ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠷᠡᠭᠦᠯ ᠮᠡᠨᠳᠦ ᠶᠢᠨ ᠬᠥᠮᠦᠵᠢᠯ ᠬᠢᠬᠦ᠂ ᠡᠷᠦᠭᠡ ᠳᠤ ᠬᠦᠷᠴᠦ ᠤᠬᠠᠭᠤᠯᠬᠤ ᠂ ᠭᠤᠣᠯ ᠰᠡᠳᠦᠪᠲᠦ ᠠᠵᠢᠯᠯᠠᠭ᠎ᠠ ᠦᠷᠨᠢᠬᠦᠯᠬᠦ ᠵᠡᠷᠭᠡ ᠪᠠᠷ ᠳᠠᠮᠵᠢᠭᠤᠯᠵᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠬᠦᠯᠵᠦ᠂ ᠠᠷᠠᠳ ᠤᠯᠠᠨ ᠤ ᠡᠷᠡᠭᠦᠯ ᠠᠮᠢᠳᠤᠷᠠᠯ ᠤᠨ ᠳᠠᠳᠬᠠᠯ ᠢ ᠪᠠᠷᠢᠮᠳᠠᠯᠠᠬᠤ ᠶᠢ ᠤᠷᠢᠶᠠᠯᠠᠪᠠ᠃ ᠪᠠᠯᠭᠠᠰᠤᠨ ᠤ ᠵᠠᠰᠠᠭ ᠤᠨ ᠣᠷᠳᠣᠨ ᠨᠠᠷᠢᠨ ᠨᠢᠮᠪᠠᠢ ᠪᠠᠶᠢᠷᠢᠯᠠᠭᠤᠯᠤᠨ ᠶᠠᠪᠤᠭᠳᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠲᠤ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠳᠦᠷᠢᠮ ᠢ ᠨᠠᠶᠢᠳᠠᠪᠤᠷᠢᠵᠢᠭᠤᠯᠤᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠤᠭᠤᠳᠴᠤ ᠪᠠᠶᠢᠨ᠎ᠠ᠃ ᠭᠤᠣᠯ ᠬᠠᠷᠢᠭᠤᠴᠠᠯᠭᠠᠲᠠᠨ ᠲᠦᠷᠦᠭᠦᠯᠡᠨ ᠪᠦᠬᠦ ᠪᠠᠯᠭᠠᠰᠤᠨ ᠤ ᠺᠠᠳ᠋ᠷ ᠠᠵᠢᠯᠲᠠᠨ ᠳᠤᠭᠤᠶᠢᠯᠠᠩ ᠬᠤᠪᠢᠶᠠᠵᠤ ᠪᠠᠯᠭᠠᠰᠤᠨ ᠤ ᠭᠤᠣᠯ ᠵᠠᠮ ᠱᠤᠭᠤᠮ ᠤᠨ ᠬᠤᠶᠠᠷ ᠲᠠᠯ᠎ᠠ ᠵᠢᠴᠢ ᠲᠡᠮᠦᠷ ᠵᠠᠮ ᠳᠠᠭᠠᠤ ᠬᠤᠭ ᠨᠣᠪᠰᠢ ᠶᠢ ᠠᠷᠢᠯᠭᠠᠨ ᠴᠡᠪᠡᠷᠯᠡᠵᠦ᠂ ᠡᠭᠦᠨ ᠤ ᠬᠠᠮᠲᠤ ᠪᠦᠬᠦ ᠪᠠᠯᠭᠠᠰᠤᠨ ᠳᠤ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠬᠠᠮᠢᠶᠠᠷᠬᠤ᠂ ᠭᠤᠣᠯᠳᠠᠯᠭ᠎ᠠ ᠲᠠᠢ ᠲᠠᠯᠠᠪᠤᠷ ᠤᠨ ᠡᠷᠡᠭᠦᠯ ᠬᠠᠮᠠᠭᠠᠯᠠᠯ ᠢ ᠬᠢᠨᠠᠨ ᠬᠠᠮᠢᠶᠠᠷᠬᠤ᠂ ᠢᠳᠡᠭᠡᠨ ᠤ ᠵᠦᠢᠯ ᠪᠠ ᠤᠤᠭᠤᠬᠤ ᠤᠰᠤᠨ ᠤ ᠠᠮᠤᠷ ᠲᠦᠪᠰᠢᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠵᠡᠷᠭᠡ ᠤᠯᠠᠨ ᠲᠦᠮᠡᠨ ᠤ ᠡᠷᠡᠭᠦᠯ ᠮᠡᠨᠳᠦ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ ᠭᠦᠨᠵᠡᠭᠡᠢ ᠥᠷᠨᠢᠭᠦᠯᠵᠦ᠂ ᠤᠷᠴᠢᠨ ᠠᠬᠤᠢ ᠭᠤᠶᠢᠳᠠ ᠰᠠᠶᠢᠬᠠᠨ᠂ ᠬᠦᠮᠦᠨ ᠠᠷᠠᠳ ᠨᠢ ᠡᠷᠡᠭᠦᠯ ᠡᠩᠬᠡ ᠠᠬᠤᠢ ᠤᠷᠴᠢᠨ ᠢ ᠡᠭᠦᠳᠴᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号