ᠤᠯᠠᠭᠠᠨᠬᠠᠭᠠᠯᠭ᠎ᠠ ᠰᠤᠮᠤ ᠦᠬᠡᠷ  ᠤᠨ  ᠢᠴᠠᠬᠡᠯ ᠦᠷ᠎ᠡ ᠶᠢᠨ ᠬᠡᠭᠡᠯᠳᠤᠭᠦᠯᠭᠡ ᠶᠢᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/6/27
 ᠤᠯᠠᠭᠠᠨᠬᠠᠭᠠᠯᠭ᠎ᠠ ᠰᠤᠮᠤ ᠦᠬᠡᠷ   ᠤᠨ  ᠢᠴᠠᠬᠡᠯ ᠦᠷ᠎ᠡ ᠶᠢᠨ ᠬᠡᠭᠡᠯᠳᠤᠭᠦᠯᠭᠡ ᠶᠢᠨ ᠪᠤᠯᠪᠠᠰᠤᠷᠠᠯ ᠡᠷᠬᠢᠯᠡᠪᠡ                                          2023 ᠤᠨ ᠤ 6 ᠰᠠᠷ᠎ᠠ ᠶᠢᠨ 15   ᠠᠴᠠ17 ᠡᠳᠦᠷ ᠪᠤᠯᠳᠠᠯ᠎ᠠ 3 ᠡᠳᠦᠷ᠂ ᠤᠯᠠᠭᠠᠨᠬᠠᠭᠠᠯᠭ᠎ᠠ ᠰᠤᠮᠤᠨ ᠤ ᠡᠪᠯᠡᠯ ᠶᠢᠨ  ᠬᠤᠷᠢᠶ᠎ᠠ᠂ ᠰᠤᠮᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠰᠠᠯᠪᠦᠷᠢ ᠬᠠᠮᠳᠤᠷᠠᠨ᠂ᠦᠬᠡᠷ   ᠤᠨ  ᠢᠴᠠᠬᠡᠯ ᠦᠷ᠎ᠡ ᠶᠢᠨ ᠬᠡᠭᠡᠯᠳᠤᠭᠦᠯᠭᠡ ᠶᠢᠨ ᠪᠤᠯᠪᠠᠰᠤᠷᠠᠯ  ᠡᠷᠬᠢᠯᠠᠪᠠ᠃  ᠤᠯᠠᠭᠠᠨᠬᠠᠭᠠᠯᠭ᠎ᠠ ᠰᠣᠮᠤᠨ ᠤ ᠡᠯ᠎ᠡ ᠭᠠᠴᠠᠭ᠎ᠠ ᠶᠢᠨ 12 ᠨᠠᠷ᠎ᠡ ᠵᠠᠯᠠᠭᠤᠴᠤᠳ ᠪᠤᠯᠪᠠᠰᠤᠷᠠᠯ   ᠳᠤ ᠤᠷᠤᠯᠴᠠᠭᠰᠠᠨ ᠪᠠᠶᠢᠨ᠎ᠠ᠃  ᠢᠴᠠᠬᠡᠯ ᠦᠷ᠎ᠡ ᠶᠢᠨ ᠬᠡᠭᠡᠯᠳᠦᠭᠦᠯᠭᠡ ᠶᠢᠨ ᠪᠤᠯᠪᠠᠰᠤᠷᠠᠯ ᠶᠢ ᠲᠤᠰ ᠰᠤᠮᠤᠨ   ᠤ ᠲᠠᠪᠰᠢᠯᠳᠠ ᠭᠠᠴᠠᠭᠠᠨ ᠤ  ︽ᠰᠢᠨ᠎ᠡ ᠴᠠᠭ ᠦᠶ᠎ᠡ ᠶᠢᠨ ᠮᠠᠯᠴᠢᠨ ᠰᠠᠶᠢᠨ ᠲᠤᠷᠠᠴᠤᠳ ᠶᠢᠨ ᠦᠢᠯᠡᠴᠢᠯᠡᠭᠡᠨ ᠤ ᠦᠷᠦᠭᠡ  ︾ ᠪᠤᠯᠬᠤ ᠮᠠᠯᠴᠢᠨ  ᠨᠤᠷᠪᠤᠰᠠᠩ ᠤᠨ ᠤᠨ ᠳᠤ ᠡᠷᠬᠢᠯᠡᠨ ᠶᠠᠪᠤᠭᠳᠠᠭᠤᠯᠤᠭᠰᠠᠨ ᠪᠦᠬᠡᠳ  ᠢᠴᠠᠬᠡᠯ ᠦᠷ᠎ᠡ ᠶᠢᠨ ᠬᠡᠭᠡᠯᠳᠦᠭᠦᠯᠭᠡ ᠶᠢᠨ ᠠᠵᠢᠯ ᠶᠢ 3 —4 ᠵᠢᠯ ᠬᠢᠵᠦ ᠪᠠᠶᠢᠭ᠎ᠠ ᠳᠠᠪᠰᠢᠯᠳᠠ ᠭᠠᠴᠠᠭ᠎ᠠ ᠶᠢᠨ ᠮᠠᠯᠴᠢᠨ ᠨᠤᠷᠪᠤᠰᠠᠩ᠂ ᠢᠯᠠᠯᠲᠠ  ᠭᠠᠴᠠᠭᠠᠨ  ᠤ ᠮᠠᠯᠴᠢᠨ ᠮᠡᠷᠭᠡᠨᠪᠢᠯᠢᠭ᠂ ᠰᠠᠷᠠᠭᠤᠯᠳᠤᠶᠠᠭ᠎ᠠ ᠭᠠᠴᠠᠭ᠎ᠠ ᠶᠢᠨ ᠮᠠᠯᠴᠢᠨ ᠭᠠᠩᠵᠤᠷᠢᠭ   ᠢ ᠵᠠᠯᠠᠵᠤ᠂ ᠲᠤᠰᠬᠠᠢ ᠵᠢᠯᠤᠭᠤᠳᠣᠯᠭ᠎ᠠ ᠬᠢᠯᠬᠡᠭᠰᠠᠨ ᠪᠠᠶᠢᠨ᠎ᠠ᠃  ᠪᠤᠯᠪᠠᠰᠣᠷᠠᠯ ᠳᠤ ᠦᠨᠳᠦᠰᠡᠨ ᠮᠡᠳᠡᠯᠭᠡ ᠪᠠ ᠤᠨᠤᠯ ᠤᠨ ᠲᠠᠶᠢᠯᠤᠮᠵᠢ᠂ ᠪᠤᠳᠠᠲᠠᠢ ᠦᠢᠯᠡᠳᠦᠯᠭᠡ ᠶᠢᠨ ᠬᠢᠴᠢᠶᠡᠯ   ᠢ ᠤᠶᠠᠯᠳᠣᠭᠤᠯᠤᠨ  ᠂  ᠢᠴᠠᠬᠡᠯ ᠦᠷ᠎ᠡ ᠶᠢ ᠰᠢᠯᠭᠠᠬᠤ᠂  ᠲᠤᠭᠳᠠᠭᠰᠠᠨ  ᠬᠤᠭᠤᠴᠠᠭᠠᠨ   ᠳᠤ ᠦᠷ᠎ᠠ ᠲᠤᠭᠳᠠᠭᠠᠬᠤ ᠵᠡᠷᠭᠡ ᠭᠠᠷ ᠬᠡᠭᠡᠯᠳᠦᠭᠦᠯᠭᠡ ᠶᠢᠨ ᠦᠨᠳᠦᠰᠦᠨ ᠮᠡᠳᠡᠯᠭᠡ   ᠶᠢ ᠨᠠᠷᠢᠨ ᠲᠠᠶᠢᠯᠪᠤᠷᠢᠯᠠᠯᠳᠠ ᠬᠢᠵᠦ᠂ ᠮᠠᠯᠴᠢᠳ ᠤᠨ ᠢᠴᠠᠬᠡᠯ ᠦᠷ᠎ᠡ ᠶᠢᠨ ᠬᠡᠭᠡᠯᠳᠦᠭᠦᠯᠭᠡ ᠶᠢᠨ ᠮᠠᠷᠬᠡᠵᠢᠯ ᠢ ᠵᠦᠪ ᠤᠨᠤᠪᠴᠢᠳᠠᠢ ᠬᠡᠷᠡᠭᠯᠠᠬᠦ ᠳᠤ ᠲᠤᠰᠠ ᠲᠠᠮᠵᠢᠯᠬᠡ ᠪᠤᠯᠭᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号