ᠵᠢᠭᠤᠯᠴᠢᠯᠠᠯ ᠤᠨ ᠭᠥᠯᠢᠶᠡᠨ ᠠᠪᠬᠤ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/6/5
  ᠵᠢᠭᠤᠯᠴᠢᠯᠠᠯ ᠤᠨ ᠭᠥᠯᠢᠶᠡᠨ ᠠᠪᠬᠤ ᠦᠢᠯᠡᠴᠢᠯᠡᠭᠡᠨ ᠤ  ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠣᠯᠪᠠᠰᠤᠷᠠᠯ ᠶᠠᠪᠤᠭᠳᠠᠪᠠ                                                                   5 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ 2023 ᠣᠨ ᠤ ᠲᠦᠷᠢᠶᠡᠰᠦᠨ ᠮᠠᠰᠢᠨ ᠲᠡᠷᠭᠡ᠂ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ ᠤᠨ ᠵᠢᠭᠤᠯᠴᠢᠯᠠᠯ  ᠤᠨ ᠭᠥᠯᠢᠶᠡᠨ ᠠᠪᠬᠤ ᠦᠢᠯᠡᠴᠢᠯᠡᠭᠡᠨ ᠤ ᠴᠢᠨᠠᠷ ᠴᠢᠨᠰᠠᠭ᠎ᠠ  ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ᠃  ᠬᠤᠰᠢᠭᠤ  ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠳ᠋ᠧ ᠰᠢᠨ  ᠪᠣᠯᠪᠠᠰᠣᠷᠠᠯ ᠡᠬᠢᠯᠡᠬᠦ ᠶᠣᠰᠣᠯᠠᠯ ᠳᠤ ᠣᠷᠣᠯᠴᠠᠵᠤ᠂ ᠶᠠᠷᠢᠶ᠎ᠠ  ᠲᠠᠯᠪᠢᠵᠠᠢ᠃   ᠲᠣᠰ ᠤᠳᠠᠭᠠᠨ ᠤ  ᠪᠣᠯᠪᠠᠰᠣᠷᠠᠯ  ᠢ ᠬᠤᠰᠢᠭᠤ ᠰᠣᠶᠣᠯ ᠪᠡᠶ᠎ᠡ  ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ  ᠮᠢ ᡁᠢ ᠶᠤᠸᠠᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠵᠦ᠂  ᠲᠦᠷᠢᠶᠡᠰᠦᠨ ᠮᠠᠰᠢᠨ ᠲᠡᠷᠭᠡ᠂ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ ᠤᠨ ᠠᠵᠢᠯᠲᠠᠨ ᠨᠡᠶᠢᠲᠡ 160 ᠭᠠᠷᠤᠢ ᠬᠦᠮᠦᠨ ᠪᠤᠯᠪᠠᠰᠣᠷᠠᠯ ᠳᠤ ᠣᠷᠣᠯᠴᠠᠵᠠᠢ᠃ ᠷᠧᠨ ᠳ᠋ᠧ ᠰᠢᠨ  ᠵᠢᠭᠠᠬᠤ ᠳᠠᠭᠠᠨ᠂ ᠦᠢᠯᠡᠴᠢᠯᠡᠭᠡᠨ ᠤ ᠠᠵᠢᠯ ᠲᠥᠷᠥᠯ ᠤᠨ ᠠᠵᠢᠯᠲᠠᠨ ᠨᠢ  ᠪᠥᠬᠦ ᠬᠤᠰᠢᠭᠤᠨ ᠤ ᠠᠷᠠᠳ ᠢᠷᠭᠡᠳ  ᠤᠨ ᠨᠡᠷ᠎ᠡ ᠶᠢᠨ ᠬᠠᠭᠤᠳᠠᠰᠤ ᠪᠠᠶᠢᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠲᠤᠶᠢᠯ ᠤᠨ ᠴᠢᠬᠤᠯᠠ ᠤᠬᠠᠭᠤᠯᠭ᠎ᠠ ᠶᠢᠨ ᠦᠢᠯᠡᠳᠦᠯ ᠦᠵᠡᠭᠦᠯᠵᠦ ᠪᠠᠶᠢᠳᠠᠭ᠃ ᠪᠣᠯᠪᠠᠰᠤᠷᠠᠯ ᠳᠤ ᠣᠷᠣᠯᠴᠠᠭᠰᠠᠨ ᠨᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠣᠷᠣᠭᠰᠠᠨ ᠢᠶᠠᠨ ᠦᠢᠯᠡᠳᠦᠯᠭᠡᠵᠢᠭᠦᠯᠵᠦ᠂ ᠲᠦᠷᠢᠶᠡᠰᠦᠨ ᠮᠠᠰᠢᠨ ᠲᠡᠷᠭᠡ᠂ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ ᠵᠡᠷᠭᠡ ᠠᠵᠢᠯ ᠲᠥᠷᠥᠯ ᠤᠨ ᠦᠢᠯᠡᠴᠢᠯᠡᠭᠡᠨ ᠤ ᠬᠢᠷᠢ ᠲᠦᠪᠰᠢᠨ  ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠰᠠᠶᠢᠨ ᠰᠠᠶᠢᠬᠠᠨ ᠵᠢᠭᠤᠯᠴᠢᠯᠠᠯ ᠤᠨ ᠳᠦᠷᠢ ᠲᠥᠷᠬᠦ ᠶᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃   ᠲᠣᠰ ᠤᠳᠠᠭᠠᠨ ᠤ ᠪᠣᠯᠪᠠᠰᠤᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ᠂ ᠦᠵᠡᠮᠵᠢ ᠶᠢᠨ ᠣᠷᠣᠨ  ᠂  ᠣᠷᠣᠨ ᠨᠣᠲᠤᠭ ᠤᠨ ᠣᠨᠴᠠ ᠭᠠᠷᠤᠯᠲᠠ ᠵᠢᠴᠢ  ᠪᠣᠯᠪᠠᠰᠤᠨ  ᠬᠡᠯᠡ ᠬᠡᠯᠡᠯᠭᠡ᠂ ᠵᠢᠷᠤᠮᠵᠢᠭᠰᠠᠨ ᠦᠢᠯᠡᠴᠢᠯᠡᠭᠡ᠂ ᠠᠵᠢᠯ ᠮᠡᠷᠭᠡᠵᠢᠯ ᠤᠨ ᠰᠠᠬᠢᠯᠭ᠎ᠠ ᠪᠠᠲᠤ ᠪᠠ ᠡᠮᠴᠢᠯᠡᠭᠡᠨ ᠤ ᠲᠦᠷᠭᠡᠨ ᠠᠪᠤᠷᠠᠯᠳᠠ ᠶᠢᠨ ᠶᠡᠷᠦ ᠶᠢᠨ ᠮᠡᠳᠡᠯᠭᠡ ᠵᠡᠷᠭᠡ ᠠᠭᠤᠯᠭ᠎ᠠ ᠶᠢᠨ ᠲᠣᠭᠤᠷᠢᠨ ᠳᠤ ᠲᠥᠪᠯᠡᠷᠡᠩᠭᠦᠢ ᠪᠣᠯᠪᠠᠰᠤᠷᠠᠯ  ᠥᠷᠨᠢᠭᠦᠯᠬᠦ ᠪᠠᠷ ᠳᠠᠮᠵᠢᠨ  ᠪᠥᠬᠦ ᠬᠤᠰᠢᠭᠤᠨ ᠤ ᠲᠦᠷᠢᠶᠡᠰᠦᠨ ᠮᠠᠰᠢᠨ ᠲᠡᠷᠭᠡ᠂ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ  ᠵᠡᠷᠭᠡ ᠠᠵᠢᠯ ᠲᠥᠷᠥᠯ ᠤᠨ ᠠᠵᠢᠯᠲᠠᠨ ᠤ ᠦᠢᠯᠡᠴᠢᠯᠡᠭᠡᠨ ᠤ ᠤᠷ᠎ᠠ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ  ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号