ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ 2023 ᠣᠨ ᠤ ︽6.1︾ ᠤ ᠬᠡᠦᠬᠡᠳ ᠤᠨ ᠪᠠᠶᠠᠷ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/5
ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ 2023 ᠣᠨ ᠤ ︽6.1︾ ᠤ ᠬᠡᠦᠬᠡᠳ ᠤᠨ ᠪᠠᠶᠠᠷ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠪᠡ    73 ᠳ᠋ᠤᠭᠠᠷ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠷᠭᠡᠨ ᠣᠯᠠᠨ ᠠᠵᠢᠯᠲᠠᠨ ᠠᠵᠢᠯᠴᠢᠨ ᠤ ᠦᠷ᠎ᠡ ᠬᠡᠦᠬᠡᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠵᠢᠴᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠲᠥᠯᠥᠭᠡ᠂ 5 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ︽6 · 1︾ ᠤ ᠬᠡᠦᠬᠡᠳ ᠤᠨ ᠪᠠᠶᠠᠷ ᠤᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠦᠷᠨᠢᠬᠦᠯᠪᠡ᠃ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠠᠷᠠᠨᠲᠤᠶᠠᠭ᠎ᠠ ᠠᠵᠢᠯᠯᠠᠭ᠎ᠠ ᠳᠤ ᠣᠷᠣᠯᠴᠠᠪᠠ᠃   ᠲᠣᠰ ᠤᠳᠠᠭᠠᠨ ᠤ ᠠᠵᠢᠯᠯᠠᠭ᠎ᠠ ᠳᠤ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠡᠶᠢᠲᠡ 4 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ᠂ ᠪᠥᠬᠦ ᠬᠤᠰᠢᠭᠤᠨ ᠤ 100 ᠭᠡᠷ ᠪᠦᠯᠢ ᠶᠢᠨ ᠬᠡᠦᠬᠡᠳ ᠲᠤ 2023 ᠣᠨ ᠤ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠶᠢᠨ ᠬᠠᠮᠲᠤ᠂ ᠰᠤᠷᠤᠯᠭ᠎ᠠ ᠶᠢᠨ ᠲᠣᠮᠣ ᠪᠡᠯᠡᠭ ᠥᠭᠴᠦ᠂ ᠬᠡᠦᠬᠡᠳ ᠤᠳ ᠲᠤ ᠪᠠᠶᠠᠷ ᠤᠨ ᠡᠳᠦᠷ ᠢ ᠨᠢ ᠪᠡᠯᠭᠡᠯᠡᠨ ᠦᠭᠴᠠᠢ᠃     ᠠᠵᠢᠯᠯᠠᠭᠠᠨ ᠤ ᠳᠠᠷᠠᠭ᠎ᠠ᠂ ᠰᠤᠷᠤᠭᠴᠢᠳ ᠢ ᠵᠣᠬᠢᠶᠠᠨ ᠪᠠᠶᠢᠭᠤᠯᠤᠨ ︽ᠡᠷ᠎ᠡ ᠶᠢᠨ ᠭᠤᠷᠪᠠᠨ ᠨᠠᠭᠠᠳᠤᠮ︾  ᠮᠦᠽᠧᠢ ᠶᠢ ᠲᠣᠭᠤᠷᠢᠨ ᠦᠵᠡᠭᠦᠯᠵᠦ ᠰᠤᠷᠤᠯᠴᠠᠭᠤᠯᠪᠠ᠃ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠪᠠᠷ ᠳᠡᠮᠵᠢᠨ᠂ ᠰᠤᠷᠤᠭᠴᠢᠳ ᠤᠯᠠᠮᠵᠢᠯᠠᠯᠲᠤ ᠰᠣᠶᠣᠯ ᠢ ᠭᠦᠨᠵᠡᠭᠡᠢ ᠣᠶᠢᠯᠠᠭᠠᠭᠰᠠᠨ ᠢᠶᠠᠷ ᠪᠠᠷᠠᠬᠤ ᠦᠭᠡᠢ᠂ ᠪᠠᠰᠠ ᠨᠤᠲᠤᠭ ᠤᠰᠤ ᠪᠠᠨ ᠬᠠᠶᠢᠷᠠᠯᠠᠬᠤ᠂ ᠡᠬᠡ ᠣᠷᠣᠨ ᠢᠶᠠᠨ ᠬᠠᠶᠢᠷᠠᠯᠠᠬᠤ ᠰᠡᠳᠬᠢᠯᠭᠡ ᠪᠠᠨ ᠨᠡᠮᠡᠭᠳᠡᠭᠦᠯᠦᠭᠰᠡᠨ ᠪᠠᠶᠢᠨ᠎ᠠ᠃   ᠲᠠᠷᠠᠭᠠᠴᠢ ᠶᠢᠨ ᠠᠯᠬᠤᠮ ᠳᠤ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ ᠠᠴᠠ ᠠᠵᠢᠯᠲᠠᠨ ᠠᠵᠢᠯᠴᠢᠨ ᠤ ᠦᠷ᠎ᠡ ᠬᠡᠦᠬᠡᠳ ᠢ ᠬᠠᠯᠠᠮᠵᠢᠯᠠᠨ ᠬᠠᠶᠢᠷᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠳᠠᠯᠢ ᠪᠤᠰᠤ ᠬᠡᠯᠪᠡᠷᠢ ᠶᠢᠨ ᠡᠷᠬᠢᠨ ᠦᠵᠡᠵᠦ ᠲᠣᠬᠤᠨᠢᠭᠤᠯᠬᠤ᠂ ᠬᠠᠶᠢᠷ᠎ᠠ ᠬᠠᠯᠠᠮᠵᠢ ᠶᠢ ᠨᠠᠶᠢᠳᠠᠨ ᠬᠠᠮᠢᠶᠠᠷᠤᠭᠤᠯᠬᠤ ᠠᠩᠭᠢ᠂ ᠠᠯᠲᠠᠨ ᠨᠠᠮᠤᠷ ᠤᠨ ᠰᠤᠷᠤᠯᠭ᠎ᠠ ᠶᠢ ᠲᠡᠳᠬᠦᠬᠦ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠰᠤᠷᠤᠯᠭ᠎ᠠ᠂ ᠠᠮᠢᠳᠤᠷᠠᠯ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠵᠤ᠂ ᠬᠡᠦᠬᠡᠳ ᠤᠳ ᠢ ᠵᠣᠯ ᠵᠢᠷᠭᠠᠯ ᠲᠠᠢ ᠡᠶ᠎ᠡ ᠵᠣᠬᠢᠴᠠᠯ ᠲᠠᠢ ᠣᠷᠴᠢᠨ ᠲᠣᠭᠤᠷᠢᠨ ᠳᠤ ᠪᠠᠶᠠᠷ ᠬᠥᠷ ᠲᠠᠢ ᠡᠷᠡᠭᠦᠯ ᠰᠠᠷᠠᠭᠤᠯ ᠥᠰᠬᠡᠨ ᠪᠣᠶᠢᠵᠢᠭᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号