ᠪᠠᠷᠠᠭᠤᠨ ᠦᠵᠦᠮᠦᠴᠢᠨ ᠬᠤᠰᠢᠭᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠦᠨᠳᠦᠰᠦᠨ ᠱᠠᠳᠤᠨ ᠳᠤ | ᠭᠦᠢᠴᠡᠳᠬᠡᠬᠦ ᠶᠢ ᠪᠡᠶᠡᠯᠡᠭᠦᠯᠪᠡ | | ᠪᠠᠷᠠᠭᠤᠨ ᠦᠵᠦᠮᠦᠴᠢᠨ ᠬᠤᠰᠢᠭᠤ ᠨᠢ ︽ᠠᠷᠪᠠ ᠶᠢ ᠪᠣᠳᠠᠲᠠᠶᠢᠵᠢᠭᠤᠯᠬᠤ︾ ᠪᠠᠷᠢᠮᠵᠢᠶ᠎ᠠ ᠶᠣᠰᠣᠭᠠᠷ | ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠦᠨᠳᠦᠰᠦᠨ ᠱᠠᠳᠤᠨ ᠳᠤ | ᠪᠠᠭᠤᠯᠭᠠᠬᠤ ᠶᠢ ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ᠡᠴᠦᠰ ᠤᠨ ᠦᠷᠳᠡᠭᠡ ᠶᠢ ᠪᠠᠶᠢᠭᠤᠯᠪᠠ᠃ | | | ᠮᠠᠯᠴᠢᠨ ᠡᠷᠳᠡᠨᠢᠪᠢᠯᠢᠭ ᠪᠠᠯᠠᠭᠠᠷᠭᠤᠤᠯ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠲᠤ ᠭᠡᠷ ᠤᠨ ᠬᠦᠮᠦᠰ ᠢᠶᠠᠨ ᠲᠠᠭᠠᠭᠤᠯᠤᠨ ᠢᠷᠡᠵᠦ ᠡᠪᠡᠳᠴᠢᠨ ᠦᠵᠡᠭᠦᠯᠪᠡ᠃ ᠡᠮᠴᠢᠯᠡᠭᠡ | ᠬᠢᠯᠭᠡᠭᠰᠡᠨ ᠤ ᠳᠠᠷᠠᠭ᠎ᠠ ᠲᠡᠷᠡ ᠪᠠᠷ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠨ ᠳᠤ ᠡᠮᠨᠡᠯᠭᠡ ᠶᠢᠨ ᠲᠠᠩᠰᠠ ᠪᠠᠨ | ᠲᠠᠷᠤᠶᠢᠬᠠᠨ ᠴᠠᠶᠢᠷᠠᠭᠤᠯᠤᠭᠰᠠᠨ ᠪᠠᠶᠢᠯ᠎ᠠ᠃ | | ᠵᠢᠷ ᠤᠨ ᠭᠤᠤᠯ ᠪᠠᠯᠭᠠᠰᠤᠨ ᠤ ᠬᠠᠷᠢᠶᠠᠨ ᠳᠤ 17 ᠭᠠᠴᠠᠭ᠎ᠠ᠂ 3 ᠰᠠᠭᠤᠭᠠᠯᠢ ᠠᠷᠠᠳ ᠤᠨ ᠳᠤᠭᠤᠶᠢᠯᠠᠩ ᠲᠠᠢ | ᠪᠠᠶᠢᠵᠤ᠂ ᠳᠠᠭᠠᠳᠬᠠᠯ ᠳᠤ ᠤᠷᠤᠯᠴᠠᠬᠤ ᠬᠥᠮᠥᠨ ᠬᠠᠷᠢᠴᠠᠩᠭᠤᠢ ᠪᠠᠷ ᠣᠯᠠᠨ ᠪᠠᠶᠢᠳᠠᠭ᠃ ᠤᠶᠢᠷ᠎ᠠ ᠶᠢᠨ ᠡᠳᠦᠷ | ᠲᠤᠰ ᠪᠠᠯᠭᠠᠰᠤᠨ ᠤ ᠨᠠᠮ ᠤᠨ ᠬᠡᠰᠢᠬᠦᠨ ᠪᠤᠯᠤᠨ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠮᠴᠢᠯᠡᠭᠡᠨ ᠤ | ᠳᠠᠭᠠᠳᠬᠠᠯ ᠤᠨ ᠦᠢᠯᠡᠴᠢᠯᠡᠭᠡᠨ ᠤ ᠦᠷᠳᠡᠭᠡ ᠳᠤ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ | ᠠᠰᠠᠭᠤᠨ ᠯᠠᠪᠯᠠᠬᠤ ᠪᠤᠶᠤ ᠭᠠᠷ ᠬᠦᠢᠴᠡᠳᠬᠡᠯ ᠬᠢᠬᠦ ᠪᠠᠷ ᠢᠷᠡᠬᠦ ᠬᠦᠮᠦᠰ ᠨᠡᠯᠢᠶᠡᠳ ᠪᠠᠶᠢᠯ᠎ᠠ᠃ | ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠲᠤᠬᠠᠢ ᠶᠢᠨ ᠭᠠᠵᠠᠷ ᠳᠤᠨᠢ ᠭᠦᠢᠴᠡᠳᠬᠡᠬᠦ ᠶᠢ | ᠪᠡᠶᠡᠯᠡᠭᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ | ᠨᠢ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠢᠭ᠋ ᠢ ᠲᠥᠯᠥᠪᠵᠢᠭᠦᠯᠦᠨ ᠪᠠᠶᠢᠭᠤᠯᠵᠤ᠂ | ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ ᠲᠣᠬᠢᠷᠠᠭᠤᠯᠤᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠦ | ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠦᠨᠳᠦᠰᠦᠨ ᠱᠠᠳᠤᠨ ᠳᠤ | ᠪᠠᠭᠤᠯᠭᠠᠬᠤ ᠶᠢ ᠪᠡᠶᠡᠯᠡᠭᠦᠯᠪᠡ᠃ | | | ᠰᠣᠷᠪᠤᠯᠵᠢᠯᠠᠭ᠎ᠠ᠄ ᠪᠠᠷᠠᠭᠤᠨ ᠦᠵᠦᠮᠦᠴᠢᠨ ᠬᠤᠰᠢᠭᠤᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ | ᠳᠠᠷᠤᠭ᠎ᠠ ᠪᠠᠭᠠᠲᠤᠷ᠄ ︽ᠬᠤᠰᠢᠭᠤ᠂ ᠰᠤᠮᠤ ᠪᠠᠯᠭᠠᠰᠤ᠂ ᠭᠠᠴᠠᠭ᠎ᠠ ᠱᠠᠳᠤᠨ ᠤ ᠡᠮ ᠡᠮᠨᠡᠯᠭᠡ ᠶᠢᠨ ᠲᠤᠤᠷ | ᠰᠦᠯᠵᠢᠶᠡᠨ ᠤ ᠰᠠᠭᠤᠷᠢᠨ ᠲᠡᠭᠡᠷ᠎ᠡ ᠭᠤᠷᠪᠠᠨ ᠱᠠᠳᠤᠨ ᠤ ᠡᠮᠴᠢᠯᠡᠭᠡ ᠶᠢᠨ ᠪᠠᠳᠤᠯᠠᠭᠠᠨ ᠤ ᠦᠢᠯᠡᠴᠢᠯᠡᠭᠡᠨ ᠤ ᠦᠷᠳᠡᠭᠡ | ︵ᠴᠢᠭ᠋︶ ᠶᠢ ᠪᠠᠶᠢᠭᠤᠯᠵᠤ᠂ ᠰᠤᠮᠤ ᠪᠠᠯᠭᠠᠰᠤᠨ ᠤ ᠨᠠᠮ ᠤᠯᠠᠨ ᠲᠦᠮᠡᠨ ᠳᠤ ᠦᠢᠯᠡᠴᠢᠯᠡᠬᠦ ᠲᠦᠪ ︵ᠨᠡᠶᠢᠭᠡᠮ | ᠲᠤᠭᠤᠷᠢᠭ︶ ᠲᠤ 17 ᠵᠦᠢᠯ ᠤᠨ ᠦᠢᠯᠡᠴᠢᠯᠡᠭᠡ ᠂ ᠭᠠᠴᠠᠭᠠᠨ ᠳᠤ 7 ᠵᠦᠢᠯ ᠤᠨ ᠦᠢᠯᠡᠴᠢᠯᠡᠭᠡ ᠶᠢ ᠪᠠᠭᠤᠯᠭᠠᠵᠦ | ᠂ ᠰᠤᠮᠤ ᠪᠠᠯᠭᠠᠰᠤᠨ ᠤ ᠡᠮᠨᠡᠯᠭᠡ ᠶᠢᠨ ᠪᠠᠳᠤᠯᠠᠭᠠᠨ ᠤ ᠰᠤᠷᠠᠭ ᠵᠠᠩᠭᠢᠴᠢᠯᠠᠭᠰᠠᠨ ᠢᠨᠲ᠋ᠧᠷ ᠰᠦᠯᠵᠢᠶᠡᠨ ᠦᠢᠯᠡᠴᠢᠯᠡᠭᠡ᠂ | ᠭᠠᠴᠠᠭ᠎ᠠ ᠱᠠᠳᠤᠨ ᠤ ᠡᠮᠴᠢᠯᠡᠭᠡᠨ ᠤ ᠪᠠᠳᠤᠯᠠᠭᠠᠨ ᠤ ᠰᠤᠷᠠᠭ ᠵᠠᠩᠭᠢᠴᠢᠯᠠᠭᠰᠠᠨ ᠰᠦᠯᠵᠢᠶᠡᠨ ᠦᠢᠯᠡᠴᠢᠯᠡᠭᠡ ᠶᠢ | ᠪᠡᠶᠡᠯᠡᠭᠦᠯᠦᠭᠰᠡᠨ ᠪᠠᠶᠢᠨ᠎ᠠ︾ ᠭᠡᠯᠡ᠃ | ᠪᠠᠷᠠᠭᠤᠨ ᠦᠵᠦᠮᠦᠴᠢᠨ ᠬᠤᠰᠢᠭᠤ ᠨᠢ ᠤᠳᠤᠬᠠᠨ 7 ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ | ᠪᠠᠷᠢᠮᠵᠢᠶᠠᠵᠢᠭᠰᠠᠨ ᠦᠢᠯᠡᠴᠢᠯᠡᠭᠡᠨ ᠤ ᠥᠷᠲᠡᠭᠡ᠂ 28 ᠪᠠᠷᠢᠮᠵᠢᠶᠠᠵᠢᠭᠰᠠᠨ ᠦᠢᠯᠡᠴᠢᠯᠡᠭᠡᠨ ᠤ ᠴᠢᠭ᠋ ᠪᠠ 72 | ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠭᠦᠢᠴᠡᠳᠬᠡᠬᠦ ᠦᠢᠯᠡᠴᠢᠯᠡᠭᠡᠨ ᠤ ᠴᠢᠭ᠋ ᠢ | ᠪᠠᠶᠢᠭᠤᠯᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠶᠢᠨ ᠦᠢᠯᠡᠴᠢᠯᠡᠭᠡᠨ ᠤ ᠲᠦᠷᠦᠯ ᠵᠦᠢᠯ ᠳᠤ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠵᠠᠷᠤᠳᠠᠯ ᠤᠨ ᠲᠠᠩᠰᠠ ᠴᠠᠶᠢᠷᠠᠭᠤᠯᠬᠤ᠂ ᠭᠠᠳᠠᠨ᠎ᠠ | ᠭᠠᠵᠠᠷ ᠲᠤ ᠳᠠᠩᠰᠠᠯᠠᠭᠤᠯᠬᠤ ᠵᠡᠷᠭᠡ 17 ᠵᠦᠢᠯ ᠢ ᠭᠦᠢᠴᠡᠳᠬᠡᠵᠦ᠂ ᠦᠨᠳᠦᠰᠦᠨ ᠱᠠᠲᠤᠨ ᠤ ᠦᠢᠯᠡᠴᠢᠯᠡᠭᠡᠨ ᠤ | ᠴᠢᠭ᠋ ᠤᠨ ᠦᠢᠯᠡᠴᠢᠯᠡᠭᠡᠨ ᠤ ᠲᠦᠷᠦᠯ ᠵᠦᠢᠯ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ | ᠣᠷᠣᠯᠴᠠᠬᠤ ᠶᠢ ᠳᠠᠩᠰᠠᠯᠠᠬᠤ᠂ ᠳᠠᠭᠠᠳᠬᠠᠯ ᠳᠤ ᠣᠷᠣᠯᠴᠠᠭᠰᠠᠨ ᠬᠥᠮᠥᠰ ᠤᠨ ᠳᠠᠭᠠᠳᠬᠠᠯ ᠳᠤ ᠣᠷᠣᠯᠴᠠᠭᠰᠠᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ 7 ᠵᠦᠢᠯ ᠪᠠᠶᠢᠵᠤ᠂ ᠦᠨᠳᠦᠰᠦᠨ ᠱᠠᠲᠤᠨ ᠤ ᠡᠮᠴᠢᠯᠡᠭᠡᠨ ᠤ | ᠳᠠᠭᠠᠳᠬᠠᠯ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 93 ᠭᠠᠴᠠᠭᠠᠨ ᠳᠤ ᠬᠦᠷᠭᠡᠭᠰᠡᠨ ᠪᠠᠶᠢᠨ᠎ᠠ᠃ | | |