ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ | | 5 ᠰᠠᠷ᠎ᠠ ᠶᠢᠨ 27 ᠤ ᠡᠳᠦᠷ᠂ ᠤᠯᠠᠭᠠᠨᠬᠠᠭᠠᠯᠭ᠎ᠠ ᠰᠤᠮᠤᠨ ᠤ ᠪᠠᠶ᠋ᠬᠤᠪᠤᠭᠠᠲᠦ ᠭᠠᠴᠠᠭᠠᠨ ᠤ ᠡᠪᠯᠡᠯ ᠤᠨ ᠡᠭᠦᠷ᠂ | ᠡᠮᠡᠭᠲᠡᠶᠢᠴᠦᠳ ᠤᠨ ᠬᠤᠯᠪᠤᠭᠠᠲᠦ ᠬᠤᠷᠠᠯ ᠪᠠ ᠨᠠᠮ ᠤᠨ ᠭᠡᠰᠢᠭᠦᠳ ᠤᠨ ᠭᠤᠤᠯᠳᠠᠯᠭᠠᠲᠦ ᠡᠷᠦᠬᠡ ᠶᠢᠨ ᠬᠠᠮᠲᠤᠷᠠᠨ | ᠡᠷᠭᠢᠯᠡᠭᠰᠡᠨ ︽ᠲᠠᠯ᠎ᠠ ᠨᠤᠲᠤᠭ ᠤᠨ ᠬᠥᠪᠡᠭᠦᠳ ᠥᠬᠢᠳ ᠨᠠᠮ ᠢᠶᠠᠨ ᠲᠠᠭᠠᠬᠠᠤ ︾ ᠭᠤᠤᠯ ᠰᠡᠳᠦᠪᠲᠦ ᠠᠵᠢᠯᠯᠠᠭ᠎ᠠ | ᠶᠠᠪᠤᠭᠳᠠᠨ ᠂ ᠪᠠᠶ᠋ᠬᠤᠪᠤᠭᠠᠲᠦ ᠭᠠᠴᠠᠭᠠᠨ ᠤ ᠬᠠᠪᠰᠤᠷᠤᠨ ᠲᠡᠳᠬᠦᠬᠦ ᠨᠢᠭᠡᠴᠡ ᠪᠤᠯᠬᠤ ᠪᠠᠷᠠᠭᠤᠨ ᠦᠵᠦᠮᠦᠴᠢᠨ | ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ︾ ᠭᠤᠣᠯ ᠰᠡᠳᠦᠪᠲᠦ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ | ᠠᠵᠢᠯᠯᠠᠭ᠎ᠠ ᠳᠤᠮᠳᠠ᠂ ᠺᠠᠳ᠋ᠷ ᠴᠠᠭᠳᠠᠭ᠎ᠠ ᠨᠠᠷ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ ᠪᠠ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠮᠠᠯᠴᠢᠳ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠬᠠᠮᠢᠶ᠎ᠠ ᠪᠥᠬᠦᠶ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠤ ᠬᠠᠮᠳᠣ᠂ ᠭᠠᠴᠠᠭᠠᠨ ᠤ ᠨᠠᠮ ᠪᠠ | ᠣᠯᠠᠨ ᠲᠦᠮᠡᠨ ᠤ ᠦᠶᠯᠡᠴᠢᠯᠡᠭᠡᠨ ᠤ ᠲᠥᠪ ᠲᠤ ᠲᠣᠭᠤᠷᠢᠨ ᠰᠢᠭᠦᠨ ᠲᠠᠰᠤᠯᠬᠤ ᠴᠡᠭ ᠢ ᠪᠠᠶᠢᠭᠤᠯᠥᠠᠠᠰᠠᠨ ᠪᠠᠶᠢᠨ᠎ᠠ᠃ | | ᠦᠨᠦ ᠵᠢᠯ ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠭᠠᠴᠠᠭᠠᠨ ᠤ ᠨᠠᠮ | ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠲᠣᠭᠤᠷᠢᠨ ᠰᠢᠭᠦᠨ ᠲᠠᠰᠤᠯᠬᠤ ᠴᠡᠭ ᠤᠨ ᠠᠯᠤᠰ ᠠᠴᠠ | ᠬᠠᠷᠠᠭᠠᠨ ᠳᠠᠪᠲᠠᠮᠵᠢ ᠪᠠᠷ 2 ᠬᠡᠷᠡᠭ ᠢ ᠡᠶᠡᠳᠡᠭᠦᠯᠵᠦ᠂ 2 ᠬᠤᠪᠢ ᠵᠠᠭᠠᠯᠳᠤᠯᠭ᠎ᠠ ᠶᠢᠨ ᠪᠢᠴᠢᠭ ᠬᠦᠷᠭᠡᠪᠡ᠂ 2023 | ᠣᠨ ᠤ 4 ᠰᠠᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠵᠠᠭᠠᠯᠳᠤᠭᠴᠢ | ᠨᠢᠭᠡᠨ ᠴᠢᠮᠡᠭᠯᠡᠯ ᠤᠨ ᠳᠡᠯᠭᠡᠭᠦᠷ ᠬᠢᠭᠡᠳ ᠵᠠᠭᠠᠯᠳᠤᠭᠳᠠᠭᠴᠢ ᠲᠦᠦ ᠣᠪᠣᠭᠲᠤ ᠶᠢᠨ ᠵᠠᠰᠠᠯ ᠴᠢᠮᠡᠭᠯᠡᠯ ᠤᠨ ᠭᠡᠷ᠎ᠡ ᠶᠢᠨ | ᠵᠢᠭᠤᠷᠠᠯᠳᠤᠭᠠᠨ ᠤ ᠬᠡᠷᠡᠭ ᠵᠢᠴᠢ ᠵᠠᠭᠠᠯᠳᠤᠭᠴᠢ ᠦ᠋ ᠣᠪᠣᠭᠲᠤ ᠬᠢᠭᠡᠳ ᠵᠠᠭᠠᠯᠳᠤᠭᠳᠠᠭᠴᠢ ᠴᠧᠩ ᠣᠪᠣᠭᠲᠤ ᠶᠢᠨ | ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠵᠢᠭᠤᠷᠠᠯᠳᠤᠭᠠᠨ ᠤ ᠬᠡᠷᠡᠭ ᠢ ᠭᠥᠯᠢᠶᠡᠨ ᠠᠪᠴᠤ ᠰᠢᠶᠳᠪᠦᠷᠢᠯᠡᠵᠡᠶ᠃ | ᠰᠢᠭᠦᠭᠴᠢ ᠬᠡᠷᠡᠭ ᠤᠨ ᠪᠠᠶᠢᠳᠠᠯ ᠢ ᠭᠦᠨᠵᠡᠭᠡᠶ ᠣᠶᠢᠯᠠᠭᠠᠭᠰᠠᠨ ᠤ ᠳᠠᠷᠠᠭ᠎ᠠ᠂ ᠬᠤᠶᠠᠷ ᠬᠡᠷᠡᠭ ᠤᠨ ᠵᠠᠭᠠᠯᠳᠤᠭᠴᠢ | ᠵᠠᠭᠠᠯᠳᠤᠭᠳᠠᠭᠴᠢ ᠬᠤᠶᠠᠷ ᠲᠠᠯ᠎ᠠ ᠶᠢᠨ ᠭᠠᠵᠠᠷ ᠨᠢ ᠠᠳᠠᠯᠢ ᠪᠤᠰᠤ ᠪᠠᠶᠢᠬᠤ ᠶᠢ ᠪᠣᠳᠣᠯᠬᠢᠯᠠᠭᠠᠳ᠂ ᠨᠢᠭᠡ ᠲᠠᠯ᠎ᠠ ᠨᠢ | ᠪᠠᠶ᠋ᠬᠤᠪᠤᠭᠠᠲᠦ ᠭᠠᠴᠠᠭᠠᠨᠳᠤ ᠪᠠᠶᠢᠵᠤ᠂ ᠨᠥᠭᠦᠭᠡ ᠲᠠᠯ᠎ᠠ ᠨᠢ ᠪᠤᠰᠤᠳ ᠭᠠᠵᠠᠷ ᠣᠷᠣᠨ ᠳᠤ ᠪᠠᠶᠢᠵᠤ᠂ | ᠵᠢᠭᠤᠷᠠᠯᠳᠤᠭᠠᠨ ᠢ ᠠᠯᠢ ᠲᠦᠷᠭᠡᠨ ᠢᠶᠠᠷ ᠰᠢᠶᠳᠪᠦᠷᠢᠯᠡᠬᠦ ᠶᠢᠨ ᠲᠥᠯᠥᠭᠡ᠂ ᠳᠠᠭᠠᠭᠠᠨ ᠭᠦᠢᠴᠡᠳᠭᠡᠭᠴᠢ ᠨᠢ | ᠳ᠋ᠢᠶᠠᠩᠬᠤᠸᠠ᠂ ᠣᠬᠤᠷ ᠮᠡᠳᠡᠭᠡ ᠵᠡᠷᠭᠡ ᠠᠷᠭ᠎ᠠ ᠮᠠᠶ᠋ᠢᠭ ᠢᠶᠠᠷ ᠬᠤᠶᠠᠷ ᠲᠠᠯ᠎ᠠ ᠶᠢᠨ ᠬᠢᠨ ᠲᠠᠢ ᠢᠳᠡᠪᠬᠢᠲᠡᠶ ᠪᠠᠷ | ᠨᠡᠪᠲᠡᠷᠡᠯᠴᠡᠵᠦ᠂ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠤ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠳᠠᠭᠠᠭᠠᠨ | ᠭᠦᠢᠴᠡᠳᠭᠡᠭᠴᠢ ᠨᠢ ︽ᠰᠦᠯᠵᠢᠶᠡᠨᠲ᠋ᠡᠭᠡᠷᠡᠬᠢ ᠰᠢᠭᠦᠬᠦ ᠲᠢᠩᠬᠢᠮ ︾ ᠢ ᠠᠰᠢᠭᠯᠠᠨ ᠰᠦᠯᠵᠢᠶᠡᠨ ᠳᠡᠭᠡᠷ᠎ᠡ | ᠡᠶᠡᠳᠡᠭᠦᠯᠬᠦ ᠪᠠᠷ ᠲᠣᠭᠲᠠᠪᠠ᠃ ᠡᠶᠡᠳᠡᠭᠦᠯᠭᠡ ᠡᠬᠢᠯᠡᠬᠦ ᠠᠴᠠ ᠡᠮᠦᠨ᠎ᠡ᠂ ᠰᠢᠭᠦᠬᠦ ᠲᠤᠰᠢᠶᠠᠯᠲᠠᠨ ᠤ ᠲᠤᠰᠠᠯᠠᠭᠴᠢ | ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠬᠥᠮᠦᠨ ᠤ ᠸᠢᠴᠠᠲ ᠤᠨ ᠡᠶᠡᠳᠡᠭᠦᠯᠭᠡ ᠶᠢᠨ ᠵᠢᠵᠢᠭ ᠫᠷᠤᠭ᠍ᠷᠠᠮ ᠢ ᠬᠡᠷᠡᠭᠯᠡᠬᠦ ᠶᠢ | ᠵᠢᠯᠥᠭᠤᠳᠴᠦ᠂ ᠡᠶᠡᠳᠡᠭᠦᠯᠬᠦ ᠶᠠᠪᠤᠴᠠ ᠳᠤ᠂ ᠳᠠᠭᠠᠭᠠᠨ ᠭᠦᠢᠴᠡᠳᠭᠡᠭᠴᠢ ᠬᠠᠷᠠᠭᠠᠨ ᠳᠠᠪᠲᠠᠮᠵᠢ ᠪᠠᠷ ᠳᠠᠮᠵᠢᠭᠤᠯᠤᠨ | ᠲᠤᠬᠠᠶ ᠶᠢᠨ ᠬᠥᠮᠦᠨ ᠤ ᠪᠡᠶ᠎ᠡ ᠬᠡᠮ ᠤᠨ ᠮᠡᠳᠡᠭᠡ ᠵᠠᠩᠭᠢ ᠶᠢ ᠨᠤᠲᠠᠯᠠᠵᠤ᠂ ᠲᠤᠬᠠᠶ ᠶᠢᠨ ᠬᠥᠮᠦᠨ ᠤ ᠱᠠᠭᠠᠷᠳᠠᠯᠭ᠎ᠠ ᠶᠢ | ᠤᠶᠢᠯᠠᠭᠠᠨ᠂ ᠢᠳᠡᠪᠬᠢᠲᠡᠶ ᠪᠠᠷ ᠬᠠᠤᠯᠢ ᠶᠢ ᠲᠠᠶᠢᠯᠪᠤᠷᠢᠯᠠᠨ ᠶᠣᠰᠣ ᠤᠴᠢᠷ ᠢ ᠲᠣᠳᠣᠷᠬᠠᠶᠢᠯᠠᠵᠤ᠂ ᠠᠰᠢᠭ ᠬᠤᠤᠷ | ᠤᠨ ᠬᠠᠷᠢᠴᠠᠭ᠎ᠠ ᠶᠢ ᠲᠣᠳᠣᠷᠬᠠᠶᠢᠯᠠᠪᠠ᠃ ᠰᠢᠭᠦᠭᠴᠢ ᠠᠴᠠ ᠬᠦᠯᠢᠴᠡᠩᠭᠦᠶ ᠪᠠᠷ ᠨᠠᠷᠢᠨ ᠨᠢᠮᠪᠠᠶ ᠨᠡᠪᠲᠡᠷᠡᠯᠴᠡᠨ | ᠵᠢᠯᠣᠭᠤᠳᠤᠭᠰᠠᠨ ᠢᠶᠠᠷ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠡᠴᠦᠰ ᠲᠡᠭᠡᠨ ᠡᠶᠡᠳᠡᠭᠦᠯᠭᠡ ᠶᠢᠨ ᠬᠡᠯᠡᠯᠴᠡᠭᠡᠷ | ᠳᠣᠭᠢᠷᠬᠠᠰᠠᠨ ᠤ ᠬᠠᠮᠲᠤ ᠸᠢᠴᠠᠲ ᠤᠨ ᠡᠶᠡᠳᠡᠭᠦᠯᠭᠡ ᠶᠢᠨ ᠵᠢᠵᠢᠭ ᠵᠢᠷᠤᠮ ᠢ ᠬᠡᠷᠡᠭᠯᠡᠨ ᠬᠡᠯᠡᠯᠴᠡᠭᠡᠷ ᠳᠡᠭᠡᠷ᠎ᠡ ᠭᠠᠷ ᠤᠨ | ᠦᠰᠦᠭ ᠵᠢᠷᠤᠵᠤ ᠨᠤᠲᠠᠯᠠᠭᠰᠠᠨ ᠪᠠᠶᠢᠨ᠎ᠠ᠃ | ᠲᠣᠰ ᠤᠳᠠᠭᠠᠨ ᠤ ᠢᠨᠲ᠋ᠧᠷ ᠰᠦᠯᠵᠢᠶᠡᠨ ᠤ ᠡᠶᠡᠳᠡᠭᠦᠯᠭᠡ ᠨᠢ ᠲᠤᠬᠠᠶ ᠶᠢᠨ ᠬᠥᠮᠦᠨ ᠤ ᠵᠠᠷᠭᠤ ᠶᠢᠨ ᠥᠪᠡᠷ ᠤᠨ | ᠥᠷᠲᠡᠭ ᠢ ᠠᠷᠪᠢᠯᠠᠭᠰᠠᠨ ᠢᠶᠠᠷ ᠪᠠᠷᠠᠬᠤ ᠥᠬᠡᠶ᠂ ᠣᠯᠠᠨ ᠡᠰᠢᠲᠦ ᠡᠶᠡᠳᠡᠭᠦᠯᠬᠦ ᠠᠷᠭ᠎ᠠ ᠵᠠᠮ ᠢ ᠤᠯᠠᠮ | ᠥᠷᠭᠡᠳᠬᠡᠭᠰᠡᠨ ᠪᠠᠶᠢᠨ᠎ᠠ᠃ | | |