ᠠᠷᠤ ᠬᠤᠷᠴᠢᠨ ᠬᠤᠰᠢᠭᠤᠨ ᠤ ᠲᠤᠭᠤᠷᠢᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠰᠦᠨ ᠤ ᠦᠢᠯᠡᠰ ᠢ | ᠬᠥᠭᠵᠢᠭᠦᠯᠦᠨ ᠮᠠᠨᠳᠤᠭᠤᠯᠬᠤ ᠠᠵᠢᠯ ᠢ ᠲᠤᠭᠤᠷᠢᠨ ᠪᠠᠶᠢᠴᠠᠭᠠᠪᠠ | 6 ᠰᠠᠷ᠎ᠠ ᠶᠢᠨ 3 ᠤ ᠡᠳᠦᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠢ ᠪᠢ ᠯᠢ | ᠪᠦᠯᠬᠦᠮ ᠳᠠᠭᠠᠭᠤᠯᠤᠨ᠂ ᠮᠠᠨ ᠤ ᠬᠤᠰᠢᠭᠤᠨ ᠳᠤ ᠢᠷᠡᠵᠦ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯ ᠢ ᠲᠤᠭᠤᠷᠢᠨ ᠪᠠᠶᠢᠴᠠᠭᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ | ᠬᠤᠩ ᠭᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ | ᠳᠠᠷᠤᠭ᠎ᠠ ᠬᠠᠢ ᠱᠠᠨ᠂ ᠠᠶᠢᠮᠠᠭ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠪᠠ᠃ | ᠲᠤᠭᠤᠷᠢᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠮᠠᠨ ᠤ ᠬᠤᠰᠢᠭᠤᠨ ᠤ ᠪᠣᠬᠢᠷᠲᠤᠯ ᠦᠭᠡᠢ | ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠣᠨ ᠴᠠᠭᠠᠨ ᠢᠳᠡᠭᠡ ᠪᠤᠯᠪᠠᠰᠣᠷᠠᠭᠤᠯᠬᠤ | ᠠᠵᠤ ᠠᠬᠤᠶᠢᠯᠠᠯ᠂ ᠴᠡᠭᠡ ᠪᠣᠯᠪᠠᠰᠤᠷᠠᠭᠤᠯᠬᠤ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠬᠦᠷᠴᠦ᠂ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠬᠦ᠂ ᠯᠠᠪᠯᠠᠨ ᠠᠰᠠᠭᠤᠵᠤ ᠯᠠᠪᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ | ᠬᠤᠰᠢᠭᠤᠨ ᠤ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠲᠡᠷᠢᠭᠦᠨ ᠤ | ᠲᠤᠷᠰᠢᠯᠭ᠎ᠠ᠂ ᠨᠡᠶᠢᠲᠡᠯᠢᠭ ᠠᠷᠭ᠎ᠠ ᠬᠢᠳᠡᠯ ᠢ ᠪᠥᠬᠦ ᠲᠠᠯ᠎ᠠ ᠪᠠᠷ ᠣᠶᠢᠯᠠᠭᠠᠵᠤ᠂ ᠮᠠᠯᠴᠢᠳ ᠢ ᠬᠡᠷᠬᠢᠨ ᠬᠠᠪᠰᠤᠷᠴᠤ | ᠣᠷᠣᠯᠭ᠎ᠠ ᠶᠢ ᠨᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠵᠡᠷᠭᠡ | ᠲᠠᠯ᠎ᠠ ᠪᠠᠷ ᠨᠠᠷᠢᠨ ᠦᠢᠯᠠᠭᠠᠵᠡᠢ᠃ | ᠲᠤᠭᠤᠷᠢᠨ ᠪᠠᠶᠢᠴᠠᠭᠠᠬᠤ ᠪᠦᠯᠬᠦᠮ ᠨᠢ ᠣᠶᠢᠷ᠎ᠠ ᠶᠢᠨ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ | ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠦᠨ ᠤ ᠦᠢᠯᠡᠰ ᠤᠨ ᠬᠥᠭᠵᠢᠯᠲᠡ ᠶᠢ | ᠢᠳᠡᠪᠬᠢᠲᠡᠢ ᠠᠬᠢᠭᠤᠯᠵᠤ᠂ ᠰᠦᠨ ᠪᠦᠲᠦᠭᠡᠭᠳᠡᠬᠦᠨ ᠡᠳ᠋ᠰᠢᠭᠦᠯᠬᠦ ᠦᠢᠯᠡᠰ ᠦᠷᠭᠦᠯᠵᠢᠯᠡᠨ ᠪᠤᠵᠠᠭᠠᠶᠢᠷᠠᠵᠤ᠂ ᠢᠵᠢ | ᠪᠦᠷᠢᠳᠦᠭᠰᠡᠨ ᠠᠵᠤ ᠦᠢᠯᠡᠰ ᠤᠨ ᠭᠦᠭᠵᠢᠯᠳᠠ ᠶᠢ ᠬᠠᠶᠢᠨ ᠰᠦᠪᠡᠭᠴᠢᠯᠡᠵᠦ᠂ ᠰᠦᠨ ᠤ ᠦᠢᠯᠡᠰ ᠤᠨ | ᠬᠥᠭᠵᠢᠯᠲᠡ ᠶᠢ ᠤᠷᠢᠳᠠᠪᠠᠷ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠴᠡᠢ᠂ ᠢᠯᠠᠩᠭᠤᠶ᠎ᠠ ᠴᠢᠨᠠᠷ ᠰᠠᠶᠢᠲᠠᠢ ᠰᠦᠨ ᠤ | ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠲᠠᠩᠰᠠ ᠡᠪᠬᠡᠮᠡᠯ ᠢ | ᠳᠡᠭᠡᠭᠰᠢᠯᠡᠭᠦᠯᠦᠨ ᠲᠠᠰ ᠳᠡᠪᠰᠢᠭᠦᠯᠬᠦ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ | ᠵᠡᠷᠭᠡ ᠲᠠᠯ᠎ᠠ ᠪᠠᠷ ᠰᠤᠷᠤᠯᠴᠠᠭᠤᠰᠢᠲᠠᠶ ᠪᠠ ᠯᠠᠪᠯᠠᠯᠲᠠ ᠪᠣᠯᠭᠠᠬᠤ ᠲᠤᠷᠰᠢᠯᠭ᠎ᠠ ᠮᠠᠰᠢ ᠣᠯᠠᠨ ᠪᠣᠶ᠂ ᠲᠤᠭᠤᠷᠢᠨ | ᠪᠠᠶᠢᠴᠠᠭᠠᠬᠤ ᠪᠦᠯᠬᠦᠮ ᠤᠨ ᠬᠢᠨ ᠯᠠᠪᠲᠠᠢ ᠰᠠᠶᠢᠨ ᠠᠷᠭ᠎ᠠ ᠰᠠᠶᠢᠨ ᠲᠤᠷᠰᠢᠯᠭ᠎ᠠ ᠪᠠᠨ ᠠᠪᠴᠤ ᠬᠠᠷᠢᠭᠠᠳ ᠠᠷᠤ | ᠬᠤᠷᠴᠢᠨ ᠬᠤᠰᠢᠭᠤᠨ ᠤ ᠬᠥᠭᠵᠢᠯᠲᠡ ᠳᠤ ᠯᠠᠪᠯᠠᠯᠲᠠ ᠬᠠᠩᠭᠠᠬᠤ ᠪᠣᠯᠣᠨ᠎ᠠ᠂ ᠡᠭᠦᠨ ᠤ ᠬᠠᠮᠲᠤ ᠬᠤᠶᠠᠷ | ᠲᠠᠯ᠎ᠠ ᠪᠠᠷ ᠢᠶᠠᠨ ᠰᠣᠯᠢᠯᠴᠠᠭ᠎ᠠ ᠰᠤᠷᠤᠯᠴᠠᠯᠭ᠎ᠠ ᠪᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠬᠤᠶᠠᠷ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠵᠡᠢ᠃ |