ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠤᠷᠠᠯᠢᠭ ᠪᠡᠶ᠎ᠡ ᠲᠠᠮᠢᠷ ᠡᠷᠡᠭᠦᠯ ᠬᠠᠮᠠᠭᠠᠯᠠᠯ ‍ᠤᠨ‌‍ᠬᠢᠨ ᠤ ᠭᠡᠰᠢᠭᠦᠳ ᠤᠨ ᠠᠵᠢᠯᠯᠠᠬᠤ ᠲᠠᠰᠤᠭ ︽ᠬᠠᠮᠲᠤ ᠶᠢᠨ ᠲᠠᠨᠢᠯᠲᠠ ᠪᠠᠨ‌‍ᠴᠢᠩᠭᠠᠳᠬᠠᠨ ᠬᠦᠴᠦᠨ ᠴᠢᠳᠠᠯ ᠵᠶ᠋ᠠᠨ‌ᠨᠢᠭᠲᠠᠷᠠᠭᠤᠯᠤᠶ᠎ᠠ︾ ᠭᠡᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠵᠢᠴᠢ  ︽ᠬᠠᠮᠲᠤᠪᠠᠷ ᠨᠣᠮ ᠤᠩᠰᠢᠶ᠎ᠠ︾ ᠭᠡᠬᠦ ᠲᠤᠰᠬᠠᠢ ᠰᠡᠳᠦᠪᠲᠦ ᠤᠩᠰᠢᠯᠭ᠎ᠠ ᠪᠠ ᠰᠡᠳᠦᠪ ᠬᠠᠷᠢᠭᠤᠯᠬᠤ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2023/6/5
ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠤᠷᠠᠯᠢᠭ ᠪᠡᠶ᠎ᠡ ᠲᠠᠮᠢᠷ ᠡᠷᠡᠭᠦᠯ ᠬᠠᠮᠠᠭᠠᠯᠠᠯ ‍ᠤᠨ‌‍ᠬᠢᠨ ᠤ ᠭᠡᠰᠢᠭᠦᠳ ᠤᠨ ᠠᠵᠢᠯᠯᠠᠬᠤ ᠲᠠᠰᠤᠭ ︽ᠬᠠᠮᠲᠤ ᠶᠢᠨ ᠲᠠᠨᠢᠯᠲᠠ ᠪᠠᠨ‌‍ᠴᠢᠩᠭᠠᠳᠬᠠᠨ ᠬᠦᠴᠦᠨ ᠴᠢᠳᠠᠯ ᠵᠶ᠋ᠠᠨ‌ᠨᠢᠭᠲᠠᠷᠠᠭᠤᠯᠤᠶ᠎ᠠ︾ ᠭᠡᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠵᠢᠴᠢ  ︽ᠬᠠᠮᠲᠤᠪᠠᠷ ᠨᠣᠮ ᠤᠩᠰᠢᠶ᠎ᠠ︾ ᠭᠡᠬᠦ ᠲᠤᠰᠬᠠᠢ ᠰᠡᠳᠦᠪᠲᠦ ᠤᠩᠰᠢᠯᠭ᠎ᠠ ᠪᠠ ᠰᠡᠳᠦᠪ ᠬᠠᠷᠢᠭᠤᠯᠬᠤ ᠤᠷᠤᠯᠳᠤᠭᠠᠨ ᠥᠷᠨᠢᠭᠦᠯᠪᠡ                       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠢᠬᠤᠯᠠ ᠴᠢᠳᠠᠪᠬᠢ ᠶᠢ   ᠶᠢ ᠪᠠᠳᠠᠷᠠᠭᠤᠯᠤᠨ᠂ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠯ᠎ᠡ ᠡᠲᠡᠭᠡᠳ ᠤᠨ ᠪᠦᠯᠬᠦᠮᠳᠡᠯ᠂ ᠵᠥᠪᠳᠡᠯᠴᠡᠭᠡ᠂ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠣᠶᠢᠷ᠎ᠠ ᠶᠢᠨ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠤᠷᠠᠯᠢᠭ ᠪᠡᠶ᠎ᠡ ᠲᠠᠮᠢᠷ ᠡᠷᠡᠭᠦᠯ ᠬᠠᠮᠠᠭᠠᠯᠠᠯ ᠤᠨ ᠬᠢᠨ ᠤ ᠭᠡᠰᠢᠭᠦᠳ ᠤᠨ ᠠᠵᠢᠯᠯᠠᠬᠤ ᠲᠠᠰᠤᠭ ᠨᠢ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤ ᠨᠣᠮ ᠤᠨ ᠰᠠᠩ ᠲᠠᠢ ᠬᠠᠮᠲᠤᠷᠠᠨ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠪᠠᠶᠠᠩᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠬᠥᠩᠭᠡᠨ ᠴᠠᠭᠠᠨ ᠴᠠᠬᠢᠯᠭᠠᠨ ᠤ ᠬᠤᠪᠢᠶᠠᠷᠢ ᠺᠣᠮᠫᠠᠨᠢ ᠶᠢᠨ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠳᠤ ᠬᠦᠷᠴᠦ ︽ᠬᠠᠮᠲᠤ ᠶᠢᠨ ᠲᠠᠨᠢᠯᠲᠠ ᠪᠠᠨ ᠴᠢᠩᠭᠠᠳᠬᠠᠨ ᠬᠦᠴᠦᠨ ᠴᠢᠳᠠᠯ ᠢᠶᠠᠨ ᠨᠢᠭᠲᠠᠷᠠᠭᠤᠯᠤᠶ᠎ᠠ︾ ᠭᠡᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃   ᠠᠵᠢᠯᠯᠠᠭ᠎ᠠ ᠳᠤ᠂ ᠬᠠᠮᠲᠤ ᠶᠢᠨ ᠤᠩᠰᠢᠯᠭ᠎ᠠ ᠪᠠ ᠰᠡᠳᠦᠪ ᠬᠠᠷᠢᠭᠤᠯᠬᠤ ᠤᠷᠤᠯᠳᠤᠭᠠᠨ ᠥᠷᠨᠢᠭᠦᠯᠪᠡ᠃ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠠᠵᠢᠯᠲᠠᠳ ︽ᠰᠢ ᠶᠢᠨ ᠫᠢᠩ ᠠᠷᠠᠳ ᠤᠨ ᠭᠡᠷ ᠲᠤ ᠬᠦᠷᠦᠭᠰᠡᠨ ᠨᠢ︾ ᠭᠡᠬᠦ ᠨᠣᠮ ᠤᠨ ᠲᠣᠭᠤᠷᠢᠨ ᠳᠤ ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠵᠤ᠂ ᠰᠡᠳᠦᠪ ᠬᠠᠷᠢᠭᠤᠯᠬᠤ ᠤᠷᠤᠯᠳᠤᠭᠠᠨ ᠳᠤ ᠣᠷᠣᠯᠴᠠᠪᠠ᠃  ᠤᠷᠤᠯᠳᠤᠭᠠᠨ ᠤ ᠳ᠋ᠦᠩ ᠳᠤ᠂ ᠨᠢᠭᠡᠳᠦᠭᠡᠷ ᠳᠡᠰ ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠡ᠂ ᠭᠤᠷᠪᠠᠳᠤᠭᠠᠷ ᠳᠡᠰ ᠲᠤ 3 ᠨᠡᠷ᠎ᠡ ᠣᠷᠣᠯᠴᠠᠭᠴᠢ ᠶᠢ ᠰᠢᠯᠭᠠᠷᠠᠭᠤᠯᠤᠨ ᠱᠠᠩᠨᠠᠯ ᠭᠠᠷᠳᠠᠭᠤᠯᠪᠠ᠃   ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ ᠂ ᠲᠥᠪᠯᠡᠷᠡᠭᠦᠯᠦᠨ ᠡᠵᠡᠮᠳᠡᠬᠦ ᠲᠠᠰᠤᠭ᠂ ᠠᠭᠤᠷ ᠤᠨ ᠮᠠᠰᠢᠨ ᠤ ᠦᠢᠯᠡᠳᠪᠦᠷᠢ ᠶᠢᠨ ᠲᠠᠰᠤᠭ᠂ ᠭᠦᠸᠧᠯᠦ ᠶᠢᠨ ᠦᠢᠯᠡᠳᠪᠦᠷᠢ ᠶᠢᠨ ᠲᠠᠰᠤᠭ ᠢ ᠲᠣᠭᠤᠷᠢᠨ ᠦᠵᠡᠭᠰᠡᠨ ᠪᠥᠭᠡᠳ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠤ ᠪᠠᠶᠢᠳᠠᠯ ᠵᠢᠴᠢ ᠠᠵᠤ ᠠᠬᠤᠶᠢᠯᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠬᠢᠴᠠ ᠶᠢ ᠨᠢ ᠣᠶᠢᠯᠠᠭᠠᠪᠠ᠃ ᠡᠭᠦᠨ ᠤ ᠬᠠᠮᠲᠤ᠂ ᠪᠠᠶᠠᠩᠬᠤᠸᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠨ ᠣᠶᠢᠯᠠᠭᠠᠪᠠ᠃   ᠠᠵᠢᠯᠯᠠᠭ᠎ᠠ ᠳᠤ ᠪᠠᠰᠠ ︽ᠰᠢ ᠶᠢᠨ ᠫᠢᠩ ᠠᠷᠠᠳ ᠤᠨ ᠭᠡᠷ ᠲᠤ ᠬᠦᠷᠦᠭᠰᠡᠨ ᠨᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠲᠠᠶᠢᠯᠪᠤᠷᠢᠯᠠᠪᠠ᠃ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ︽ᠵᠢᠷᠭᠤᠭᠠᠨ ᠵᠦᠢᠯ ᠲᠠᠢ ᠪᠠᠶᠢᠬᠤ︾ ᠶᠢ ᠵᠢᠷᠤᠮᠵᠢᠭᠤᠯᠬᠤ ᠪᠠᠶᠢᠭᠤᠯᠤᠯᠲᠠ᠂ ᠲᠠᠮᠠᠬᠢ ᠲᠠᠲᠠᠬᠤ ᠶᠢᠨ ᠬᠤᠣᠷ ᠬᠥᠨᠥᠭᠡᠯ ᠵᠡᠷᠭᠡ ᠠᠭᠤᠯᠭ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠯᠲᠠ ᠬᠢᠵᠡᠢ᠃  ᠳᠠᠷᠠᠭ᠎ᠠ ᠨᠢ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠰᠢᠭᠤ ᠨᠣᠮ ᠤᠨ ᠰᠠᠩ ᠠᠴᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠠᠵᠢᠯᠴᠢᠨ ᠤ ᠨᠣᠮ ᠤᠨ ᠥᠷᠥᠭᠡ ᠳᠤ ᠨᠡᠶᠢᠭᠡᠮ ᠤᠨ ᠰᠢᠨᠵᠢᠯᠡᠬᠦ ᠤᠬᠠᠭᠠᠨ ᠤ ᠨᠣᠮ ᠪᠢᠴᠢᠭ ᠬᠠᠨᠳᠢᠪᠯᠡᠵᠤ᠂ ᠠᠵᠢᠯᠴᠢᠳ ᠤᠨ ᠠᠵᠢᠯ ᠤᠨ ᠢᠶᠠᠨ ᠵᠠᠪ ᠴᠢᠯᠦᠭᠡ ᠶᠢ ᠠᠰᠢᠭᠯᠠᠨ ᠨᠣᠮ ᠪᠢᠴᠢᠭ ᠢᠯᠡᠭᠦᠬᠡᠨ ᠤᠩᠰᠢᠬᠤ ᠶᠢ ᠵᠣᠷᠢᠭᠵᠢᠭᠤᠯᠪᠠ᠃    ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠬᠠᠭᠤᠯᠤᠨ ᠲᠠᠶᠢᠯᠪᠤᠷᠢᠯᠠᠬᠤ ᠠᠵᠢᠯ ᠨᠢ ᠤᠯᠤᠰ ᠲᠥᠷᠥ ᠶᠢᠨ ᠴᠢᠭᠯᠡᠯ ᠢ ᠪᠠᠲᠤ ᠡᠵᠡᠮᠰᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠬᠤ ᠪᠠ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠳᠤ ᠬᠦᠴᠦᠯᠡᠵᠦ᠂ ᠡᠯ᠎ᠡ ᠦᠨᠳᠦᠰᠦᠲᠡᠨ ᠤ ᠡᠯ᠎ᠡ ᠡᠲᠡᠭᠡᠳ ᠤᠨ ᠬᠢᠨ ᠤ ᠦᠵᠡᠯ ᠰᠠᠨᠠᠭᠠᠨ ᠤ ᠲᠠᠯ᠎ᠠ ᠪᠠᠷ ᠬᠢ ᠬᠠᠮᠲᠤ ᠶᠢᠨ ᠳᠠᠪᠰᠢᠯᠲᠠ ᠪᠠ ᠨᠠᠶᠢᠷ ᠰᠡᠳᠬᠢᠯᠭᠡ ᠶᠢᠨ ᠲᠠᠯ᠎ᠠ ᠪᠠᠷ ᠬᠢ ᠬᠠᠮᠲᠤ ᠶᠢᠨ ᠳᠠᠪᠰᠢᠯᠲᠠ ᠶᠢ ᠪᠡᠶᠡᠯᠡᠭᠦᠯᠬᠦ ᠶᠢ ᠠᠬᠢᠭᠤᠯᠪᠠ᠃     ᠶᠤᠸᠠᠨ ᠵᠢᠶᠠ ᠰᠢᠨ᠄ ︽ᠥᠨᠥᠳᠥᠷ ᠬᠤᠰᠢᠭᠤ ᠤᠯᠤᠰ ᠲᠥᠷᠥ ᠶᠢᠨ ᠵᠥᠪᠯᠡᠯᠭᠡᠨ᠂ ᠨᠣᠮ ᠤᠨ ᠰᠠᠩ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠥᠬᠦᠳ ᠠᠴᠠ ᠨᠣᠮ ᠪᠢᠴᠢᠭ ᠢ ᠤᠬᠠᠭᠤᠯᠤᠨ ᠲᠠᠶᠢᠯᠪᠤᠷᠢᠯᠠᠬᠤ᠂ ᠮᠡᠳᠡᠯᠭᠡ ᠶᠢᠨ ᠤᠷᠤᠯᠳᠤᠭᠠᠨ ᠪᠣᠯᠣᠨ ᠨᠣᠮ ᠬᠠᠨᠳᠢᠪᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ ᠠᠵᠢᠯᠯᠠᠭ᠎ᠠ ᠳᠤ ᠣᠷᠣᠯᠴᠠᠭᠠᠳ ᠤᠯᠤᠰ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠶᠡᠷᠦᠩᠬᠡᠢ ᠱᠦᠵᠢ ᠶᠢᠨ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠵᠡᠷᠭᠡ ᠲᠠᠯ᠎ᠠ ᠪᠠᠷ ᠭᠦᠨᠵᠡᠭᠡᠢ ᠣᠶᠢᠯᠠᠭᠠᠯᠲᠠ ᠲᠠᠢ ᠪᠣᠯᠵᠤ᠂ ᠦᠷᠭᠦᠯᠵᠢᠯᠡᠨ ᠴᠢᠷᠮᠠᠶᠢᠨ ᠳᠠᠪᠰᠢᠬᠤ ᠢᠲᠡᠭᠡᠯ ᠵᠣᠷᠢᠭ ᠨᠡᠮᠡᠭᠳᠡᠯ᠎ᠡ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号