ᠮᠥᠩᠭᠦᠨᠱᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠠᠵᠤ ᠠᠬᠤᠢ ᠵᠢᠨ‌ᠠᠵᠢᠯ ᠢ ᠵᠠᠳᠠᠯᠤᠨ ᠰᠤᠳᠤᠯᠪᠠ
ᠨᠡᠶᠢᠲᠡᠯᠡᠭᠰᠡᠨ ᠴᠠᠭ᠄
2023/6/5
 ᠮᠥᠩᠭᠦᠨᠱᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠠᠵᠤ ᠠᠬᠤᠢ ᠵᠢᠨ‌ᠠᠵᠢᠯ ᠢ ᠵᠠᠳᠠᠯᠤᠨ ᠰᠤᠳᠤᠯᠪᠠ                                     5 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠤᠨ᠂ ᠪᠥᠬᠦ ᠬᠤᠰᠢᠭᠤᠨ ᠤ 1 - 5 ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠲᠤᠬᠠᠢ ᠵᠠᠳᠠᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂  ᠳᠠᠷᠠᠭ᠎ᠠ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ᠂ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠵᠢᠶᠠ ᠶᠦᠩ ᠰᠢᠶᠠ ᠨᠠᠷ ᠬᠤᠷᠠᠯ ᠳᠤ ᠣᠷᠣᠯᠴᠠᠵᠠᠢ᠃
    ᠬᠤᠷᠠᠯ ᠳᠤ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ  ᠤᠨ ᠲᠣᠪᠴᠢᠶ᠎ᠠ ᠲᠣᠰ ᠲᠣᠰ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤᠶᠢᠴᠠ ᠣᠷᠣᠯᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠬᠥᠮᠥᠷᠭᠡ ᠳᠤ ᠣᠷᠣᠭᠤᠯᠬᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ᠂ ᠡᠳ᠋ ᠤᠨ ᠵᠠᠰᠠᠭ ᠤᠨ ᠣᠷᠣᠯᠭ᠎ᠠ᠂ ᠭᠠᠶᠢᠯᠢ ᠲᠠᠲᠠᠪᠤᠷᠢ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠮᠠᠨ ᠤ ᠬᠤᠰᠢᠭᠤᠨ ᠤ 1 - 5 ᠰᠠᠷ᠎ᠠ ᠳᠠᠬᠢ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠠᠵᠤ ᠦᠢᠯᠡᠰ ᠤᠨ ᠪᠦᠲᠦᠴᠡ ᠶᠢᠨ ᠬᠤᠪᠢᠷᠠᠯᠲᠠ᠂ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠠᠵᠢᠯ ᠤᠨ ᠰᠠᠨᠠᠯ ᠰᠠᠨᠠᠭᠤᠯᠭ᠎ᠠ ᠳᠤᠷᠠᠳᠪᠠ᠃    ᠬᠤᠷᠠᠯ ᠳᠤ ᠵᠢᠭᠠᠭᠰᠠᠨ ᠨᠢ᠄    ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠳᠤ ᠵᠠᠳᠠᠯᠤᠯᠲᠠ ᠬᠢᠬᠦ ᠪᠠᠷ ᠳᠠᠮᠵᠢᠭᠤᠯᠤᠨ ᠬᠠᠷᠠᠯᠲᠠ ᠴᠢᠭᠯᠡᠯ ᠢᠶᠠᠨ ᠲᠣᠳᠣᠷᠬᠠᠢ ᠲᠠᠨᠢᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠳᠤᠲᠠᠭᠳᠠᠯ ᠲᠠᠢ ᠵᠦᠢᠯᠡᠰ ᠢ ᠬᠢᠨᠠᠮᠠᠭᠠᠢ ᠡᠮᠬᠢᠯᠡᠨ ᠲᠢᠭᠯᠡᠵᠦ᠂ ᠬᠦᠷᠦᠯᠴᠡᠬᠦ ᠦᠭᠡᠢ ᠲᠠᠯ᠎ᠠ ᠶᠢ ᠴᠠᠭ ᠲᠤᠬᠠᠢ ᠳᠤᠨᠢ ᠪᠠᠶᠢᠴᠠᠭᠠᠨ ᠨᠥᠬᠦᠪᠦᠷᠢᠯᠡᠵᠦ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠭᠡᠵᠡᠢ᠃   ᠬᠤᠷᠠᠯ ᠳᠤ ᠴᠢᠬᠤᠯᠠᠴᠢᠯᠠᠭᠰᠠᠨ ᠨᠢ᠄    ᠡᠯ᠎ᠡ ᠬᠠᠷᠢᠭᠤᠴᠠᠯᠭᠠᠲᠤ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠨᠢ ᠤᠯᠤᠰ ᠲᠥᠷᠥ ᠪᠠ ᠪᠦᠬᠦ ᠲᠠᠯ᠎ᠠ ᠶᠢᠨ ᠥᠨᠳᠥᠷᠴᠡ ᠠᠴᠠ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠥᠭᠵᠢᠯᠲᠡ ᠶᠢ ᠠᠳᠬᠤᠬᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠣᠳᠣᠬᠠᠨ ᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠲᠦᠷᠦ ᠶᠢᠨ ᠪᠣᠳᠣᠯᠭ᠎ᠠ ᠶᠢ ᠵᠥᠪ ᠣᠨᠣᠪᠴᠢᠲᠠᠢ ᠬᠡᠷᠡᠭᠵᠢᠭᠦᠯᠵᠦ᠂ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠮᠤᠷ ᠲᠦᠪᠰᠢᠨ ᠤ ᠬᠤᠷᠢᠭ᠎ᠠ ᠱᠤᠭᠤᠮ᠂ ᠠᠮᠢ ᠠᠬᠤᠢ ᠶᠢᠨ ᠤᠯᠠᠭᠠᠨ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ︽ᠬᠤᠶᠠᠷ ᠵᠦᠢᠯ ᠢ ᠬᠠᠭᠠᠰ ᠠᠴᠠ ᠳᠡᠭᠡᠭᠰᠢ ᠪᠡᠶᠡᠯᠡᠭᠦᠯᠬᠦ︾ ᠶᠢ ᠬᠦᠴᠦᠯᠡᠨ ᠪᠡᠶᠡᠯᠡᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号