ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠪᠤᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/6/5
ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠪᠤᠯᠪᠠᠰᠤᠷᠠᠯ ᠤᠨ ᠬᠤᠷᠠᠯ ᠡᠷᠭᠢᠯᠡᠪᠡ                                                                         2023 ᠣᠨ ᠳᠤ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠨᠡᠶᠢᠭᠡᠮᠯᠢᠭ ᠲᠤ ᠣᠷᠣᠬᠤ ᠠᠵᠢᠯ ᠢ ᠨᠢᠭᠡᠨᠲᠡ ᠪᠥᠬᠦ ᠲᠠᠯ᠎ᠠ ᠪᠠᠷ ᠥᠷᠨᠢᠭᠦᠯᠵᠦ᠂ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 30 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠪᠥᠭᠡᠳ ᠬᠠᠮᠢᠶ᠎ᠠ ᠪᠥᠬᠦᠶ ᠤᠬᠠᠭᠤᠯᠬᠤ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃ ᠪᠥᠬᠦ ᠬᠤᠰᠢᠭᠤᠨ ᠤ ᠵᠠᠰᠠᠭ ᠵᠠᠬᠢᠷᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠶᠢᠨ 180 ᠭᠠᠷᠤᠶ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠠᠷᠢᠭᠤᠴᠠᠯᠭᠠᠲᠠᠨ ᠵᠢᠴᠢ ᠠᠵᠢᠯᠴᠢᠨ ᠤ ᠡᠪᠯᠡᠯ ᠤᠨ ᠲᠤᠬᠠᠶᠢᠯᠠᠭᠰᠠᠨ ᠠᠵᠢᠯ ᠤᠨ ᠠᠵᠢᠯᠲᠠᠨ ᠪᠣᠯᠪᠠᠰᠤᠷᠠᠯ ᠳᠤ ᠣᠷᠣᠯᠴᠠᠵᠠᠶ᠃   ᠬᠤᠷᠠᠯ ᠳᠡᠭᠡᠷ᠎ᠡ᠂ 2022 ᠣᠨ ᠤ ᠮᠠᠨ ᠤ ᠬᠤᠰᠢᠭᠤᠨ ᠤ ᠠᠵᠢᠯᠲᠠᠨ ᠠᠵᠢᠯᠴᠢᠳ ᠤᠨ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠵᠢᠴᠢ ᠡᠨᠡ ᠵᠢᠯ ᠤᠨ ᠠᠵᠢᠯ ᠢᠶᠠᠨ ᠥᠷᠨᠢᠭᠦᠯᠬᠦ ᠴᠢᠭᠯᠡᠯ ᠢ ᠲᠠᠨᠢᠯᠴᠠᠭᠤᠯᠵᠤ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠺᠠᠳ᠋ᠷᠴᠤᠳ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯ ᠤᠨ ᠲᠥᠷᠥ ᠶᠢᠨ ᠪᠣᠳᠣᠯᠭ᠎ᠠ ᠵᠢᠴᠢ ᠠᠵᠢᠯᠯᠠᠭ᠎ᠠ ᠶᠢ ᠰᠠᠶᠢᠲᠤᠷ ᠡᠵᠡᠮᠰᠢᠵᠦ᠂ ᠥᠪᠡᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠠᠵᠢᠯᠲᠠᠨ ᠠᠵᠢᠯᠴᠢᠳ ᠲᠤ ᠨᠠᠩ ᠰᠠᠶᠢᠨ ᠦᠶᠯᠡᠴᠢᠯᠡᠬᠦ ᠬᠡᠷᠡᠭᠲᠡᠶ ᠭᠡᠵᠦ ᠱᠠᠭᠠᠷᠳᠠᠪᠠ᠃   ᠥᠪᠥᠷ ᠮᠣᠩᠭᠤᠯ ᠤᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠨᠡᠶᠢᠭᠡᠮᠯᠢᠭ ᠤᠨ ᠰᠢᠯᠢ ᠶᠢᠨ ᠭᠤᠣᠯ ᠤᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠵᠢᠴᠢ ᠠᠵᠢᠯᠲᠠᠳ ᠢ ᠤᠷᠢᠨ ᠪᠣᠯᠪᠠᠰᠤᠷᠠᠭᠤᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠵᠢᠴᠢ ᠡᠮᠡᠭᠲᠡᠶᠢᠴᠦᠳ ᠤᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠳᠤ ᠣᠷᠣᠯᠴᠠᠬᠤ ᠡᠲᠡᠭᠡᠳ᠂ ᠠᠵᠢᠯᠯᠠᠭ᠎ᠠ ᠶᠢᠨ ᠲᠥᠷᠥᠯ ᠵᠦᠢᠯ᠂ ᠪᠡᠯᠡ ᠮᠥᠩᠭᠦ ᠴᠤᠭᠯᠠᠭᠤᠯᠬᠤ᠂ ᠨᠥᠬᠦᠪᠥᠷᠢ ᠥᠭᠬᠦ ᠪᠠᠷᠢᠮᠵᠢᠶ᠎ᠠ᠂ ᠠᠩᠬᠠᠷᠬᠤ ᠵᠦᠢᠯ ᠵᠢᠴᠢ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠳᠤ ᠣᠷᠣᠯᠴᠠᠬᠤ ᠪᠠᠷ ᠭᠤᠶᠤᠴᠢᠯᠠᠬᠤ ᠶᠠᠪᠤᠴᠠ ᠪᠠ ᠨᠥᠬᠦᠪᠥᠷᠢ ᠥᠭᠬᠦ ᠠᠯᠬᠤᠮ ᠳᠠᠷᠠᠭ᠎ᠠ ᠵᠡᠷᠭᠡ ᠶᠢ ᠤᠯᠠᠨ ᠳᠤ ᠨᠠᠷᠢᠨ ᠲᠠᠶᠢᠯᠪᠤᠷᠢᠯᠠᠵᠤ   ᠦᠭᠴᠠᠢ᠃   ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠪᠥᠬᠦ ᠬᠤᠰᠢᠭᠤᠨ ᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠳᠠᠲᠤ ᠪᠣᠯᠪᠠᠰᠤᠷᠠᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠤᠷᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠨᠠᠩ ᠲᠣᠳᠣᠷᠬᠠᠶ ᠲᠠᠨᠢᠯᠲᠠ ᠲᠠᠢ ᠪᠣᠯᠵᠣ᠂ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠠᠬᠢᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号