ᠨᠣᠲᠤᠭ ᠪᠡᠯᠴᠢᠭᠡᠷ ᠤᠨ ᠬᠡᠭᠡᠷ᠎ᠡ ᠶᠢᠨ ᠡᠮᠲᠦ ᠣᠷᠭᠤᠮᠠᠯ ᠢ ᠬᠠᠤᠯᠢ ᠪᠤᠰᠤ ᠪᠠᠷ ᠮᠠᠯᠲᠠᠭᠰᠠᠨ ᠶᠠᠯᠠᠲᠣ | ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ ᠨᠣᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠨᠥᠭᠦᠴᠡᠯ | ᠢ ᠪᠥᠬᠦ ᠬᠦᠴᠦᠨ ᠢᠶᠠᠷ ᠬᠠᠮᠠᠭᠠᠯᠠᠨ᠎ᠠ | | ᠬᠡᠭᠡᠷ᠎ᠡ ᠶᠢᠨ ᠡᠮ ᠳᠤ ᠣᠷᠣᠬᠤ ᠣᠷᠭᠤᠮᠠᠯ ᠤᠨ ᠣᠷᠭᠤᠯᠲᠠ ᠶᠢᠨ ᠰᠢᠵᠢᠷ ᠠᠯᠲᠠᠨ ᠬᠤᠭᠤᠴᠠᠭᠠᠨ ᠳᠤ᠂ | ᠵᠠᠷᠢᠮ ᠬᠠᠥᠯᠢ ᠪᠤᠰᠣ ᠡᠲᠡᠭᠡᠳ ᠠᠰᠢᠭ ᠲᠣᠰᠠ ᠶᠢᠨ ᠥᠳᠦᠭᠡᠯᠭᠡ ᠳᠣᠣᠷ᠎ᠠ ᠬᠡᠭᠡᠷ᠎ᠡ ᠶᠢᠨ ᠡᠮ ᠳᠤ ᠣᠷᠣᠬᠤ | ᠣᠷᠭᠤᠮᠠᠯ ᠢ ᠬᠠᠣᠯᠢ ᠪᠣᠰᠣ ᠪᠠᠷ ᠮᠠᠯᠲᠠᠵᠣ᠂ ᠨᠣᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ | ᠬᠦᠨᠳᠦ ᠨᠣᠴᠢᠲᠠᠢ ᠡᠪᠳᠡᠭᠰᠡᠨ ᠪᠠᠶᠢᠨ᠎ᠠ᠃ | | | ᠮᠠᠨ ᠤ ᠬᠤᠰᠢᠭᠤᠨ ᠤ ᠨᠣᠲᠤᠭ ᠪᠡᠯᠴᠢᠭᠡᠷ ᠤᠨ ᠬᠡᠭᠡᠷ᠎ᠡ ᠶᠢᠨ ᠣᠷᠭᠤᠮᠠᠯ ᠤᠨ ᠡᠬᠢ ᠪᠠᠶᠠᠯᠢᠭ ᠢ ᠪᠥᠲᠦᠮᠵᠢᠲᠠᠢ | ᠬᠠᠮᠠᠭᠠᠯᠠᠬᠤ ᠪᠠ ᠡᠮ ᠳᠤ ᠣᠷᠣᠬᠤ ᠬᠡᠭᠡᠷ᠎ᠡ ᠶᠢᠨ ᠣᠷᠭᠤᠮᠠᠯ ᠢ ᠬᠠᠥᠯᠢ ᠪᠣᠰᠣ ᠪᠠᠷ ᠮᠠᠯᠲᠠᠬᠤ᠂ ᠬᠤᠳᠠᠯᠳᠣᠨ | ᠠᠪᠬᠤ᠂ ᠵᠥᠭᠡᠭᠡᠪᠦᠷᠢᠯᠡᠬᠦ ᠠᠯᠢᠪᠠ ᠬᠠᠥᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ | ᠲᠣᠰᠠᠲᠠ᠂5 ᠰᠠᠷ᠎ᠠ ᠶᠢᠨ31 ᠤ ᠡᠳᠦᠷ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠳ᠋ᠧ ᠰᠢᠨ | ᠪᠥᠯᠬᠦᠮ ᠳᠠᠭᠠᠭᠤᠯᠣᠨ ᠬᠠᠤᠯᠢ ᠪᠣᠰᠣ ᠪᠠᠷ ᠮᠠᠯᠲᠠᠵᠣ ᠪᠠᠶᠢᠭ᠎ᠠ ᠭᠤᠣᠯᠳᠠᠯᠭ᠎ᠠ ᠲᠠᠢ ᠭᠠᠵᠠᠷ ᠣᠷᠣᠨ ᠤ ᠲᠣᠬᠠᠢ | ᠶᠢᠨ ᠲᠠᠯᠠᠪᠠᠢ ᠳᠤ ᠬᠦᠷᠴᠦ ᠠᠵᠢᠯ ᠤᠨ ᠵᠢᠯᠣᠭᠤᠳᠣᠯᠭ᠎ᠠ ᠬᠢᠪᠡ᠃ ᠮᠥᠨ ᠴᠦ ᠬᠤᠰᠢᠭᠤᠨ ᠤ ᠲᠣᠲᠣᠭᠠᠳᠣ ᠶᠢ | ᠬᠠᠮᠠᠭᠠᠯᠠᠬᠤ ᠳᠣᠪᠴᠢᠶ᠎ᠠ᠂ ᠣᠢ ᠰᠢᠭᠤᠢ ᠡᠪᠡᠰᠦ ᠪᠡᠯᠴᠢᠭᠡᠷ ᠤᠨ ᠳᠣᠪᠴᠢᠶ᠎ᠠ ᠪᠠ ᠬᠠᠮᠢᠶ᠎ᠠ ᠪᠥᠬᠦᠢ ᠰᠣᠮᠣ ᠪᠠᠯᠭᠠᠰᠣ | ᠨᠢ ᠬᠠᠮᠲᠣᠷᠠᠨ ᠲᠣᠭᠤᠷᠢᠨ ᠪᠠᠶᠢᠴᠠᠭᠠᠯᠲᠠ ᠬᠢᠪᠡ᠃ | | | ᠲᠣᠭᠤᠷᠢᠨ ᠪᠠᠶᠢᠴᠠᠭᠠᠬᠤ ᠳᠣᠭᠤᠶᠢᠯᠠᠩ ᠤᠨ ᠬᠢᠨ ᠲᠣᠭᠤᠷᠢᠨ ᠪᠠᠶᠢᠴᠠᠭᠠᠬᠤ ᠶᠠᠪᠣᠴᠠ ᠳᠤ2 ᠰᠡᠵᠢᠭᠲᠡᠢ ᠬᠦᠮᠦᠨ | ᠢ ᠢᠯᠡᠷᠡᠭᠦᠯᠦᠨ᠂ ᠬᠤᠰᠢᠭᠤ ᠳᠣᠲᠣᠭᠠᠳᠣ ᠶᠢ ᠬᠠᠮᠠᠭᠠᠯᠠᠬᠤ ᠳᠣᠪᠴᠢᠶ᠎ᠠ᠂ ᠶᠡᠷᠥᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠳᠣᠪᠴᠢᠶ᠎ᠠ ᠶᠢᠨ ᠠᠵᠢᠯᠲᠠᠨ ᠲᠡᠷᠡ ᠳᠠᠷᠣᠢ ᠳᠤᠨᠢ ᠬᠦᠷᠴᠦ ᠯᠠᠪᠯᠠᠨ ᠠᠰᠠᠭᠤᠬᠤ ᠶᠢᠨ | ᠬᠠᠮᠲᠦ ᠪᠡᠶ᠎ᠡ ᠳᠡᠭᠡᠨ ᠠᠪᠴᠤ ᠶᠠᠪᠤᠭ᠎ᠠ ᠡᠳ᠋ ᠪᠣᠳᠠᠰ ᠢ ᠨᠢ ᠨᠡᠩᠵᠢᠪᠡ᠃ | | ᠨᠡᠩᠵᠢᠨ ᠪᠠᠶᠢᠴᠠᠭᠠᠬᠤ ᠪᠠᠷ ᠳᠠᠮᠵᠢᠭᠠᠳ ᠰᠡᠵᠢᠭᠯᠡᠯᠲᠠᠢ ᠡᠲᠡᠭᠡᠳ ᠤᠨ 2 ᠢᠵᠢ ᠬᠡᠭᠡᠷ᠎ᠡ ᠶᠢᠨ ᠡᠮ ᠳᠤ ᠣᠷᠣᠬᠤ | ᠣᠷᠭᠤᠮᠠᠯ ᠤᠨ ᠮᠠᠯᠲᠠᠬᠤ ᠪᠠᠭᠠᠵᠢ ᠬᠡᠷᠡᠭᠰᠡᠯ ᠢ ᠢᠯᠡᠷᠡᠭᠦᠯᠦᠨ᠂ ᠰᠡᠵᠢᠭᠯᠡᠯᠲᠠᠢ ᠬᠦᠮᠦᠰ ᠵᠢᠴᠢ ᠪᠠᠭᠠᠵᠢ ᠬᠡᠷᠡᠭᠰᠡᠯ ᠢ | ᠣᠯᠠᠭᠠᠨᠬᠠᠭᠠᠯᠭ᠎ᠠ ᠰᠣᠮᠣᠨ ᠤ ᠲᠣᠮᠢᠯᠠᠭᠰᠠᠨ ᠰᠠᠯᠪᠣᠷᠢ ᠳᠤ ᠰᠢᠯᠵᠢᠭᠦᠯᠦᠨ ᠬᠦᠷᠭᠡᠵᠤ ᠣᠯᠠᠮ ᠨᠢᠭᠡ ᠠᠯᠬᠤᠮ | ᠰᠢᠢᠳᠪᠦᠷᠢᠯᠡᠬᠦ ᠪᠠᠷ ᠪᠣᠯᠪᠠ᠃ | ᠷᠧᠨ ᠳ᠋ᠧ ᠰᠢᠨ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ︵ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ | ︶ ᠨᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ | ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ | ᠪᠠᠶᠢᠴᠠᠭᠠᠯᠲᠠ ᠶᠢ ᠥᠷᠨᠢᠭᠦᠯᠵᠦ᠂ ᠨᠢᠭᠡ ᠪᠦᠯᠦᠭ ᠨᠤᠲᠤᠭ ᠪᠡᠯᠴᠢᠭᠡᠷ ᠤᠨ ᠬᠡᠭᠡᠷ᠎ᠡ ᠶᠢᠨ ᠡᠮ ᠳᠤ ᠣᠷᠣᠬᠤ | ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠲᠥᠪᠯᠡᠷᠡᠭᠦᠯᠦᠨ ᠰᠢᠢᠳᠪᠦᠷᠢᠯᠡᠬᠦ | ᠬᠡᠷᠡᠭᠲᠡᠢ᠃ ᠬᠡᠭᠡᠷ᠎ᠡ ᠵᠢᠨᠡᠮ ᠳᠤ ᠣᠷᠣᠬᠤ ᠤᠷᠭᠤᠮᠠᠯ ᠢ ᠬᠠᠤᠯᠢ ᠪᠤᠰᠤ ᠪᠠᠷ ᠮᠠᠯᠲᠠᠬᠤ ᠭᠤᠣᠯᠳᠠᠯᠭ᠎ᠠ ᠲᠠᠢ ᠣᠷᠣᠨ | ᠪᠦᠰᠡ ᠳᠤ ᠡᠳᠦᠷ ᠪᠦᠷᠢ ᠲᠣᠭᠤᠷᠢᠨ ᠪᠠᠶᠢᠴᠠᠭᠠᠬᠤ᠂ ᠰᠥᠨᠢ ᠪᠠᠷ ᠭᠡᠨᠡᠳᠡᠭᠦᠯᠦᠨ ᠪᠠᠶᠢᠴᠠᠭᠠᠬᠤ ᠶᠢ ᠥᠷᠨᠢᠭᠦᠯᠵᠦ᠂ ︽ | ᠵᠠᠪᠠᠯ ᠴᠢᠬᠤᠯᠠ ᠵᠠᠮ ᠢᠶᠠᠷ ᠳᠡᠮᠵᠢᠨ ᠬᠡᠰᠡᠭ ᠬᠤᠪᠢᠶᠠᠨ ᠪᠠᠶᠢᠴᠠᠭᠠᠬᠤ᠂ ᠭᠤᠣᠯᠳᠠᠯᠭ᠎ᠠ ᠲᠠᠢ ᠣᠷᠣᠨ ᠪᠦᠰᠡ ᠪᠠᠷ | ᠬᠡᠰᠡᠭ ᠬᠤᠪᠢᠶᠠᠨ ᠪᠥᠭᠯᠡᠬᠦ︾ ᠠᠷᠭ᠎ᠠ ᠬᠡᠮᠵᠢᠶ᠎ᠡ ᠶᠢ ᠠᠪᠴᠤ᠂ ᠰᠡᠵᠢᠭᠯᠡᠯᠲᠡᠢ ᠬᠥᠮᠥᠨ᠂ ᠰᠡᠵᠢᠭᠯᠡᠯᠲᠡᠢ ᠲᠡᠷᠭᠡ | ᠬᠥᠰᠬᠡ ᠳᠤ ᠬᠠᠤᠯᠢ ᠶᠣᠰᠣᠭᠠᠷ ᠪᠠᠶᠢᠴᠠᠭᠠᠯᠲᠠ ᠬᠢᠵᠦ᠂ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ᠂ ᠨᠢᠭᠡ | ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠮ ᠳᠤ ᠣᠷᠣᠬᠤ | ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠮᠠᠯᠲᠠᠭᠰᠠᠨ ᠠᠵᠢᠯᠯᠠᠭ᠎ᠠ ᠳᠤ ᠨᠢᠭᠡ ᠶᠢ ᠢᠯᠡᠷᠡᠭᠦᠯᠪᠡᠯ ᠨᠢᠭᠡ ᠶᠢ | ᠴᠣᠬᠢᠯᠲᠠ ᠥᠭᠴᠦ᠂ ᠡᠶᠢᠮᠦᠷᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠡᠷᠡᠰ ᠵᠣᠷᠢᠭ ᠪᠠ ᠪᠣᠳᠠᠲᠤ | ᠠᠵᠢᠯᠯᠠᠭ᠎ᠠ ᠶᠢ ᠬᠦᠴᠦᠲᠡᠢ ᠢᠯᠡᠷᠡᠭᠦᠯᠵᠦ᠂ ᠬᠦᠴᠦᠷᠬᠡᠭ ᠶᠡᠭᠡ ᠰᠦᠷ ᠬᠦᠴᠦᠨ ᠢ ᠪᠤᠢ ᠪᠣᠯᠭᠠᠵᠤ᠂ ᠪᠦᠭᠦ | ᠬᠤᠰᠢᠭᠤᠨ ᠤ ᠤᠯᠠᠨ ᠲᠦᠮᠡᠨ ᠤ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠤᠬᠠᠮᠰᠠᠷᠲᠤ ᠴᠢᠨᠠᠷ ᠢ | ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ | ᠳᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠪᠠᠨ | ᠴᠢᠩᠭᠠᠳᠬᠠᠵᠤ᠂ ᠲᠣᠭᠤᠷᠢᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠬᠡᠭᠡᠷ᠎ᠡ ᠶᠢᠨ ᠡᠮ ᠳᠤ ᠡᠮ ᠳᠤ ᠣᠷᠣᠬᠤ | ᠣᠷᠭᠤᠮᠠᠯ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠬᠤ᠂ ᠬᠤᠯᠠᠭᠠᠶᠢᠯᠠᠨ ᠵᠥᠭᠡᠭᠡᠪᠦᠷᠢᠯᠡᠬᠦ ᠵᠡᠷᠭᠡ ᠬᠠᠤᠯᠢ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ | ᠡᠪᠳᠡᠬᠦ ᠬᠠᠤᠯᠢ ᠪᠤᠰᠤ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠯᠵᠢᠬᠤ ᠣᠷᠣᠨ ᠤ ᠡᠶ᠎ᠡ | ᠵᠣᠬᠢᠴᠠᠯ ᠲᠠᠢ ᠲᠣᠭᠲᠠᠭᠤᠨ ᠪᠠᠶᠢᠬᠤ ᠪᠠ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ᠮᠠᠯᠴᠢᠳ ᠤᠨ ᠲᠤᠰ ᠪᠡᠶ᠎ᠡ ᠶᠢᠨ ᠠᠰᠢᠭ ᠲᠤᠰᠠ ᠶᠢ | ᠪᠠᠲᠤᠯᠠᠨ᠂ ᠨᠡᠶᠢᠭᠡᠮ ᠤᠨ ᠠᠵᠤ ᠠᠬᠤᠢ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠥᠷᠭᠦᠯᠵᠢᠯᠡᠬᠦᠶᠢᠴᠡ | ᠬᠥᠭᠵᠢᠯᠲᠡᠶᠢ ᠠᠬᠢᠭᠤᠯᠬᠤ ᠪᠠᠷ ᠴᠢᠷᠮᠠᠶᠢᠨ᠎ᠠ᠃ | | |