ᠦᠵᠦᠮᠦᠴᠢᠨ ᠵᠠᠯᠠᠭᠤ ᠠᠯᠮᠠᠰ ᠠᠯᠳᠠᠨ ᠪᠦᠰᠡ ᠪᠠᠷ ᠱᠠᠩᠨᠠᠭᠳᠠᠪᠠ
ᠨᠡᠶᠢᠲᠡᠯᠡᠭᠰᠡᠨ ᠴᠠᠭ᠄
2023/6/5
      ᠦᠵᠦᠮᠦᠴᠢᠨ ᠵᠠᠯᠠᠭᠤ ᠠᠯᠮᠠᠰ ᠠᠯᠳᠠᠨ ᠪᠦᠰᠡ ᠪᠠᠷ ᠱᠠᠩᠨᠠᠭᠳᠠᠪᠠ                           6 ᠰᠠᠷ᠎ᠠ ᠶᠢᠨ1 ᠤ ᠡᠳᠦᠷ᠂  ᠪᠦᠬᠦ ᠣᠯᠣᠰ ᠤᠨ  ᠲᠡᠯᠡᠬᠡᠢ ᠶᠢᠨ ᠪᠦᠬᠡ ᠶᠢᠨ ᠮᠠᠩᠯᠠᠢ ᠰᠢᠯᠭᠠᠷᠠᠭᠤᠯᠬᠤ ᠣᠷᠣᠯᠳᠣᠭᠠᠨ  ᠤ ᠡᠷᠳᠡᠨ ᠤ ᠮᠠᠶ᠋ᠢᠭ ᠤᠨ ᠪᠦᠭᠡ ᠶᠢᠨ 63 ᠺᠢᠯᠣᠭ᠍ᠷᠠᠮ ᠤᠨ ᠲᠠᠰ ᠲᠤ ᠮᠠᠩᠯᠠᠶᠢᠯᠠᠭᠰᠠᠨ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠠ ᠪᠠᠯᠭᠠᠰᠣᠨ ᠤ ᠡᠷᠳᠡᠨᠢᠪᠣᠯᠠᠭ ᠭᠠᠴᠠᠭ᠎ᠠ ᠪᠠᠷ ᠨᠣᠳᠤᠭ ᠲᠠᠢ ᠲᠠᠮᠢᠷᠴᠢᠨ ᠠᠯᠮᠠᠰ ᠨᠣᠳᠤᠭ ᠲᠠᠭᠠᠨ ᠢᠷᠠᠵᠣ ᠪᠠᠶᠢᠭ᠎ᠠ ᠴᠢᠮᠡᠭᠡ ᠪᠠᠷ ᠨᠣᠳᠤᠭ ᠤᠨ ᠣᠯᠠᠨ ᠨᠢ ᠬᠠᠯᠠᠭᠤᠨ ᠢᠶᠠᠷ ᠣᠭᠳᠣᠨ ᠠᠪᠣᠯ᠎ᠠ᠃
    2023 ᠣᠨ ᠤ ᠪᠦᠬᠦ ᠣᠯᠣᠰ ᠤᠨ ᠲᠡᠯᠡᠬᠡᠢ ᠶᠢᠨ ᠪᠦᠬᠡ ᠶᠢᠨ ᠮᠠᠩᠯᠠᠢ ᠰᠢᠯᠭᠠᠷᠠᠭᠤᠯᠬᠤ ᠣᠷᠣᠯᠳᠣᠭᠠᠨ ᠨᠢ ᠡᠨᠡ ᠵᠢᠯ  ᠤᠨ 4 ᠰᠠᠷ᠎ᠠ ᠶᠢᠨ 20 ᠤ ᠡᠳᠦᠷ ᠠᠴᠠ 28 ᠤ ᠡᠳᠦᠷ ᠪᠣᠯᠳᠠᠯ᠎ᠠ ᠵᠧᠵᠢᠶᠠᠩ ᠮᠣᠵᠢ ᠶᠢᠨ ᠸᠧᠨᠵᠸᠦ ᠬᠤᠳᠠᠨ᠎ᠠ ᠶᠠᠪᠣᠭᠳᠠᠵᠣ᠂ ᠵᠠᠯᠠᠭᠤ ᠲᠠᠮᠢᠷᠴᠢᠨ ᠠᠯᠠᠮᠰ ᠡᠷᠳᠡᠨ ᠤ ᠮᠠᠶ᠋ᠢᠭ ᠤᠨ ᠪᠦᠭᠡ ᠶᠢᠨ 63 ᠺᠢᠯᠣᠭ᠍ᠷᠠᠮ ᠤᠨ ᠲᠠᠰ ᠲᠤ ᠣᠷᠣᠯᠴᠠᠨ ᠬᠦᠴᠦ ᠲᠠᠮᠢᠷ ᠢᠶᠠᠨ ᠰᠣᠷᠢᠭᠰᠠᠨ ᠪᠠᠶᠢᠨ᠎ᠠ᠃
   
   ᠲᠣᠰ ᠣᠳᠠᠭᠠᠨ ᠤ ᠣᠷᠣᠯᠳᠣᠭᠠᠨ ᠳᠤ  ᠪᠦᠬᠦ ᠣᠯᠣᠰ ᠤᠨ ᠡᠯ᠎ᠡ ᠭᠠᠵᠠᠷ ᠠᠴᠠ58 ᠲᠦᠯᠦᠭᠡᠯᠡᠭᠴᠢ ᠶᠢᠨ ᠠᠩᠬᠢ  ᠶᠢᠨ1200 ᠭᠠᠷᠣᠢ ᠲᠠᠮᠢᠷᠴᠢᠳ ᠶᠢᠰᠦᠨ ᠡᠳᠦᠷ ᠤᠨ ᠲᠣᠷᠰᠢ ᠣᠷ᠎ᠠ ᠲᠠᠮᠢᠷ ᠢᠶᠠᠨ ᠰᠢᠯᠭᠠᠯᠴᠠᠵᠣ᠂   ᠦᠵᠦᠮᠦᠴᠢᠨ  ᠨᠣᠳᠤᠭ ᠲᠠᠢ ᠵᠠᠯᠠᠭᠤ ᠲᠠᠮᠢᠷᠴᠢᠨ ᠠᠯᠮᠠᠰ ᠥᠪᠡᠷ ᠤᠨ ᠮᠡᠷᠭᠡᠵᠢᠯ ᠤᠨ ᠢᠶᠠᠨ ᠲᠡᠰ ᠲᠤ ᠦᠷᠢᠰᠦᠯᠳᠦᠭᠴᠢ ᠪᠠᠨ ᠢᠯᠠᠨ ᠲᠡᠷᠢᠭᠦᠯᠡᠵᠦ᠂ ᠠᠯᠳᠠᠨ ᠪᠦᠰᠠ ᠪᠠᠷ ᠱᠠᠩᠨᠠᠭᠳᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号