ᠠᠷᠤ ᠬᠤᠷᠴᠢᠨ ᠬᠤᠰᠢᠭᠤᠨ ᠤ ᠲᠤᠭᠤᠷᠢᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2023/6/6
  ᠠᠷᠤ ᠬᠤᠷᠴᠢᠨ ᠬᠤᠰᠢᠭᠤᠨ ᠤ ᠲᠤᠭᠤᠷᠢᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠲᠤᠭᠤᠷᠢᠨ ᠪᠠᠶᠢᠴᠠᠭᠠᠪᠠ   6 ᠰᠠᠷ᠎ᠠ ᠶᠢᠨ 3 ᠤ ᠡᠳᠦᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠢ ᠪᠢ ᠯᠢ ᠪᠦᠯᠬᠦᠮ ᠳᠠᠭᠠᠭᠤᠯᠤᠨ᠂ ᠮᠠᠨ ᠤ ᠬᠤᠰᠢᠭᠤᠨ ᠳᠤ ᠢᠷᠡᠵᠦ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠲᠤᠭᠤᠷᠢᠨ ᠪᠠᠶᠢᠴᠠᠭᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ᠂ ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ᠂ ᠠᠶᠢᠮᠠᠭ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃    ᠲᠤᠭᠤᠷᠢᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠮᠠᠨ ᠤ ᠬᠤᠰᠢᠭᠤᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠣᠨ ᠴᠠᠭᠠᠨ ᠢᠳᠡᠭᠡ ᠪᠤᠯᠪᠠᠰᠣᠷᠠᠭᠤᠯᠬᠤ ᠠᠵᠤ ᠠᠬᠤᠶᠢᠯᠠᠯ᠂ ᠴᠡᠭᠡ ᠪᠣᠯᠪᠠᠰᠤᠷᠠᠭᠤᠯᠬᠤ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠯᠠᠪᠯᠠᠨ ᠠᠰᠠᠭᠤᠵᠤ  ᠯᠠᠪᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠲᠡᠷᠢᠭᠦᠨ ᠤ ᠲᠤᠷᠰᠢᠯᠭ᠎ᠠ᠂ ᠨᠡᠶᠢᠲᠡᠯᠢᠭ ᠠᠷᠭ᠎ᠠ ᠬᠢᠳᠡᠯ ᠢ ᠪᠥᠬᠦ ᠲᠠᠯ᠎ᠠ ᠪᠠᠷ ᠣᠶᠢᠯᠠᠭᠠᠵᠤ᠂ ᠮᠠᠯᠴᠢᠳ ᠢ ᠬᠡᠷᠬᠢᠨ ᠬᠠᠪᠰᠤᠷᠴᠤ ᠣᠷᠣᠯᠭ᠎ᠠ ᠶᠢ ᠨᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠵᠡᠷᠭᠡ ᠲᠠᠯ᠎ᠠ  ᠪᠠᠷ ᠨᠠᠷᠢᠨ ᠦᠢᠯᠠᠭᠠᠵᠡᠢ᠃    ᠲᠤᠭᠤᠷᠢᠨ ᠪᠠᠶᠢᠴᠠᠭᠠᠬᠤ ᠪᠦᠯᠬᠦᠮ ᠨᠢ ᠣᠶᠢᠷ᠎ᠠ ᠶᠢᠨ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠦᠨ ᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠰᠦᠨ ᠪᠦᠲᠦᠭᠡᠭᠳᠡᠬᠦᠨ ᠡᠳ᠋ᠰᠢᠭᠦᠯᠬᠦ ᠦᠢᠯᠡᠰ ᠦᠷᠭᠦᠯᠵᠢᠯᠡᠨ ᠪᠤᠵᠠᠭᠠᠶᠢᠷᠠᠵᠤ᠂ ᠢᠵᠢ ᠪᠦᠷᠢᠳᠦᠭᠰᠡᠨ ᠠᠵᠤ ᠦᠢᠯᠡᠰ ᠤᠨ ᠭᠦᠭᠵᠢᠯᠳᠠ ᠶᠢ ᠬᠠᠶᠢᠨ ᠰᠦᠪᠡᠭᠴᠢᠯᠡᠵᠦ᠂ ᠰᠦᠨ ᠤ ᠦᠢᠯᠡᠰ ᠤᠨ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠴᠡᠢ᠂ ᠢᠯᠠᠩᠭᠤᠶ᠎ᠠ ᠴᠢᠨᠠᠷ ᠰᠠᠶᠢᠲᠠᠢ ᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠰᠤᠷᠤᠯᠴᠠᠭᠤᠰᠢᠲᠠᠶ ᠪᠠ ᠯᠠᠪᠯᠠᠯᠲᠠ ᠪᠣᠯᠭᠠᠬᠤ ᠲᠤᠷᠰᠢᠯᠭ᠎ᠠ ᠮᠠᠰᠢ ᠣᠯᠠᠨ ᠪᠣᠶ᠂  ᠲᠤᠭᠤᠷᠢᠨ ᠪᠠᠶᠢᠴᠠᠭᠠᠬᠤ ᠪᠦᠯᠬᠦᠮ ᠤᠨ ᠬᠢᠨ ᠯᠠᠪᠲᠠᠢ ᠰᠠᠶᠢᠨ ᠠᠷᠭ᠎ᠠ ᠰᠠᠶᠢᠨ ᠲᠤᠷᠰᠢᠯᠭ᠎ᠠ ᠪᠠᠨ ᠠᠪᠴᠤ ᠬᠠᠷᠢᠭᠠᠳ ᠠᠷᠤ ᠬᠤᠷᠴᠢᠨ ᠬᠤᠰᠢᠭᠤᠨ ᠤ ᠬᠥᠭᠵᠢᠯᠲᠡ ᠳᠤ ᠯᠠᠪᠯᠠᠯᠲᠠ ᠬᠠᠩᠭᠠᠬᠤ ᠪᠣᠯᠣᠨ᠎ᠠ᠂ ᠡᠭᠦᠨ ᠤ ᠬᠠᠮᠲᠤ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠰᠤᠷᠤᠯᠴᠠᠯᠭ᠎ᠠ ᠪᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠶᠠᠷ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号