ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠤᠷᠠᠯᠢᠭ ᠪᠡᠶ᠎ᠡ ᠲᠠᠮᠢᠷ ᠡᠷᠡᠭᠦᠯ | ᠬᠠᠮᠠᠭᠠᠯᠠᠯ ᠤᠨᠬᠢᠨ ᠤ ᠭᠡᠰᠢᠭᠦᠳ ᠤᠨ ᠠᠵᠢᠯᠯᠠᠬᠤ ᠲᠠᠰᠤᠭ ︽ᠬᠠᠮᠲᠤ ᠶᠢᠨ ᠲᠠᠨᠢᠯᠲᠠ ᠪᠠᠨᠴᠢᠩᠭᠠᠳᠬᠠᠨ ᠬᠦᠴᠦᠨ | ᠴᠢᠳᠠᠯ ᠵᠶ᠋ᠠᠨᠨᠢᠭᠲᠠᠷᠠᠭᠤᠯᠤᠶᠠ︾ ᠭᠡᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠵᠢᠴᠢ ︽ᠬᠠᠮᠲᠤᠪᠠᠷ ᠨᠣᠮ ᠤᠩᠰᠢᠶ᠎ᠠ︾ ᠭᠡᠬᠦ ᠲᠤᠰᠬᠠᠢ ᠰᠡᠳᠦᠪᠲᠦ ᠤᠩᠰᠢᠯᠭ᠎ᠠ ᠪᠠ | ᠰᠡᠳᠦᠪ ᠬᠠᠷᠢᠭᠤᠯᠬᠤ ᠤᠷᠤᠯᠳᠤᠭᠠᠨ ᠥᠷᠨᠢᠭᠦᠯᠪᠡ | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠢᠬᠤᠯᠠ ᠴᠢᠳᠠᠪᠬᠢ ᠶᠢ ᠶᠢ | ᠪᠠᠳᠠᠷᠠᠭᠤᠯᠤᠨ᠂ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠵᠦ᠂ | ᠨᠡᠶᠢᠭᠡᠮ ᠤᠨ ᠡᠯ᠎ᠡ ᠡᠲᠡᠭᠡᠳ ᠤᠨ ᠪᠦᠯᠬᠦᠮᠳᠡᠯ᠂ ᠵᠥᠪᠳᠡᠯᠴᠡᠭᠡ᠂ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ | ᠠᠬᠢᠭᠤᠯᠬᠤ ᠶᠢᠨ ᠲᠤᠰᠠᠳᠠ᠂ ᠣᠶᠢᠷ᠎ᠠ ᠶᠢᠨ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠣᠶᠣᠯ | ᠤᠷᠠᠯᠢᠭ ᠪᠡᠶ᠎ᠡ ᠲᠠᠮᠢᠷ ᠡᠷᠡᠭᠦᠯ ᠬᠠᠮᠠᠭᠠᠯᠠᠯ ᠤᠨ ᠬᠢᠨ ᠤ ᠭᠡᠰᠢᠭᠦᠳ ᠤᠨ ᠠᠵᠢᠯᠯᠠᠬᠤ ᠲᠠᠰᠤᠭ ᠨᠢ ᠬᠤᠰᠢᠭᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤ ᠨᠣᠮ ᠤᠨ | ᠰᠠᠩ ᠲᠠᠢ ᠬᠠᠮᠲᠤᠷᠠᠨ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠥᠪᠥᠷ | ᠮᠣᠩᠭᠤᠯ ᠤᠨ ᠪᠠᠶᠠᠩᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠬᠥᠩᠭᠡᠨ ᠴᠠᠭᠠᠨ ᠴᠠᠬᠢᠯᠭᠠᠨ ᠤ | ᠬᠤᠪᠢᠶᠠᠷᠢ ᠺᠣᠮᠫᠠᠨᠢ ᠶᠢᠨ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠳᠤ ᠬᠦᠷᠴᠦ ︽ᠬᠠᠮᠲᠤ ᠶᠢᠨ | ᠲᠠᠨᠢᠯᠲᠠ ᠪᠠᠨ ᠴᠢᠩᠭᠠᠳᠬᠠᠨ ᠬᠦᠴᠦᠨ ᠴᠢᠳᠠᠯ ᠢᠶᠠᠨ ᠨᠢᠭᠲᠠᠷᠠᠭᠤᠯᠤᠶ᠎ᠠ︾ ᠭᠡᠬᠦ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ᠂ ᠬᠠᠮᠲᠤ ᠶᠢᠨ ᠤᠩᠰᠢᠯᠭ᠎ᠠ ᠪᠠ ᠰᠡᠳᠦᠪ ᠬᠠᠷᠢᠭᠤᠯᠬᠤ ᠤᠷᠤᠯᠳᠤᠭᠠᠨ ᠥᠷᠨᠢᠭᠦᠯᠪᠡ᠃ | ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠠᠵᠢᠯᠲᠠᠳ ︽ᠰᠢ ᠶᠢᠨ ᠫᠢᠩ ᠠᠷᠠᠳ ᠤᠨ ᠭᠡᠷ ᠲᠤ | ᠬᠦᠷᠦᠭᠰᠡᠨ ᠨᠢ︾ ᠭᠡᠬᠦ ᠨᠣᠮ ᠤᠨ ᠲᠣᠭᠤᠷᠢᠨ ᠳᠤ ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠵᠤ᠂ ᠰᠡᠳᠦᠪ | ᠬᠠᠷᠢᠭᠤᠯᠬᠤ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠤ ᠳ᠋ᠦᠩ ᠳᠤ᠂ ᠨᠢᠭᠡᠳᠦᠭᠡᠷ ᠳᠡᠰ ᠲᠤ 1 ᠨᠡᠷ᠎ᠡ᠂ | ᠬᠤᠶᠠᠳᠤᠭᠠᠷ ᠳᠡᠰ ᠲᠤ 2 ᠨᠡᠷ᠎ᠡ᠂ ᠭᠤᠷᠪᠠᠳᠤᠭᠠᠷ ᠳᠡᠰ ᠲᠤ 3 ᠨᠡᠷ᠎ᠡ ᠣᠷᠣᠯᠴᠠᠭᠴᠢ ᠶᠢ ᠰᠢᠯᠭᠠᠷᠠᠭᠤᠯᠤᠨ ᠱᠠᠩᠨᠠᠯ | ᠭᠠᠷᠳᠠᠭᠤᠯᠪᠠ᠃ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠲᠤ | ᠭᠦᠨᠵᠡᠭᠡᠶᠢᠷᠡᠨ᠂ ᠲᠥᠪᠯᠡᠷᠡᠭᠦᠯᠦᠨ ᠡᠵᠡᠮᠳᠡᠬᠦ ᠲᠠᠰᠤᠭ᠂ ᠠᠭᠤᠷ ᠤᠨ ᠮᠠᠰᠢᠨ ᠤ ᠦᠢᠯᠡᠳᠪᠦᠷᠢ ᠶᠢᠨ ᠲᠠᠰᠤᠭ᠂ | ᠭᠦᠸᠧᠯᠦ ᠶᠢᠨ ᠦᠢᠯᠡᠳᠪᠦᠷᠢ ᠶᠢᠨ ᠲᠠᠰᠤᠭ ᠢ ᠲᠣᠭᠤᠷᠢᠨ ᠦᠵᠡᠭᠰᠡᠨ ᠪᠥᠭᠡᠳ ᠮᠠᠰᠢᠨ ᠴᠣᠭᠴᠠᠯᠠᠪᠤᠷᠢ ᠶᠢᠨ | ᠠᠵᠢᠯᠯᠠᠭᠠᠨ ᠤ ᠪᠠᠶᠢᠳᠠᠯ ᠵᠢᠴᠢ ᠠᠵᠤ ᠠᠬᠤᠶᠢᠯᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠠᠬᠢᠴᠠ ᠶᠢ ᠨᠢ ᠣᠶᠢᠯᠠᠭᠠᠪᠠ᠃ ᠡᠭᠦᠨ ᠤ ᠬᠠᠮᠲᠤ᠂ ᠪᠠᠶᠠᠩᠬᠤᠸᠠ ᠥᠪᠡᠷᠲᠡᠭᠡᠨ ᠪᠡᠯᠡᠳᠬᠡᠭᠰᠡᠨ ᠴᠠᠬᠢᠯᠭᠠᠨ | ᠤ ᠦᠢᠯᠡᠳᠪᠦᠷᠢ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠨ ᠣᠶᠢᠯᠠᠭᠠᠪᠠ᠃ | ᠠᠵᠢᠯᠯᠠᠭ᠎ᠠ ᠳᠤ ᠪᠠᠰᠠ ︽ᠰᠢ ᠶᠢᠨ ᠫᠢᠩ ᠠᠷᠠᠳ ᠤᠨ ᠭᠡᠷ ᠲᠤ ᠬᠦᠷᠦᠭᠰᠡᠨ ᠨᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ | ᠲᠠᠶᠢᠯᠪᠤᠷᠢᠯᠠᠪᠠ᠃ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ︽ᠵᠢᠷᠭᠤᠭᠠᠨ ᠵᠦᠢᠯ ᠲᠠᠢ ᠪᠠᠶᠢᠬᠤ︾ ᠶᠢ | ᠵᠢᠷᠤᠮᠵᠢᠭᠤᠯᠬᠤ ᠪᠠᠶᠢᠭᠤᠯᠤᠯᠲᠠ᠂ ᠲᠠᠮᠠᠬᠢ ᠲᠠᠲᠠᠬᠤ ᠶᠢᠨ ᠬᠤᠣᠷ ᠬᠥᠨᠥᠭᠡᠯ ᠵᠡᠷᠭᠡ ᠠᠭᠤᠯᠭ᠎ᠠ ᠶᠢᠨ ᠲᠣᠭᠤᠷᠢᠨ ᠳᠤ | ᠤᠬᠠᠭᠤᠯᠤᠨ ᠲᠠᠶᠢᠯᠪᠤᠷᠢᠯᠠᠯᠲᠠ ᠬᠢᠵᠡᠢ᠃ ᠳᠠᠷᠠᠭ᠎ᠠ ᠨᠢ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠬᠤᠰᠢᠭᠤ ᠨᠣᠮ ᠤᠨ ᠰᠠᠩ ᠠᠴᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠠᠵᠢᠯᠴᠢᠨ ᠤ | ᠨᠣᠮ ᠤᠨ ᠥᠷᠥᠭᠡ ᠳᠤ ᠨᠡᠶᠢᠭᠡᠮ ᠤᠨ ᠰᠢᠨᠵᠢᠯᠡᠬᠦ ᠤᠬᠠᠭᠠᠨ ᠤ ᠨᠣᠮ ᠪᠢᠴᠢᠭ ᠬᠠᠨᠳᠢᠪᠯᠡᠵᠤ᠂ ᠠᠵᠢᠯᠴᠢᠳ ᠤᠨ | ᠠᠵᠢᠯ ᠤᠨ ᠢᠶᠠᠨ ᠵᠠᠪ ᠴᠢᠯᠦᠭᠡ ᠶᠢ ᠠᠰᠢᠭᠯᠠᠨ ᠨᠣᠮ ᠪᠢᠴᠢᠭ ᠢᠯᠡᠭᠦᠬᠡᠨ ᠤᠩᠰᠢᠬᠤ ᠶᠢ ᠵᠣᠷᠢᠭᠵᠢᠭᠤᠯᠪᠠ᠃ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠬᠠᠭᠤᠯᠤᠨ ᠲᠠᠶᠢᠯᠪᠤᠷᠢᠯᠠᠬᠤ ᠠᠵᠢᠯ ᠨᠢ ᠤᠯᠤᠰ | ᠲᠥᠷᠥ ᠶᠢᠨ ᠴᠢᠭᠯᠡᠯ ᠢ ᠪᠠᠲᠤ ᠡᠵᠡᠮᠰᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠦᠪᠯᠡᠷᠡᠭᠦᠯᠦᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠦᠵᠡᠯ | ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠬᠤ ᠪᠠ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠬᠤ ᠳᠤ ᠬᠦᠴᠦᠯᠡᠵᠦ᠂ ᠡᠯ᠎ᠡ ᠦᠨᠳᠦᠰᠦᠲᠡᠨ ᠤ ᠡᠯ᠎ᠡ ᠡᠲᠡᠭᠡᠳ ᠤᠨ ᠬᠢᠨ ᠤ ᠦᠵᠡᠯ ᠰᠠᠨᠠᠭᠠᠨ ᠤ | ᠲᠠᠯ᠎ᠠ ᠪᠠᠷ ᠬᠢ ᠬᠠᠮᠲᠤ ᠶᠢᠨ ᠳᠠᠪᠰᠢᠯᠲᠠ ᠪᠠ ᠨᠠᠶᠢᠷ ᠰᠡᠳᠬᠢᠯᠭᠡ ᠶᠢᠨ ᠲᠠᠯ᠎ᠠ ᠪᠠᠷ ᠬᠢ ᠬᠠᠮᠲᠤ ᠶᠢᠨ ᠳᠠᠪᠰᠢᠯᠲᠠ ᠶᠢ | ᠪᠡᠶᠡᠯᠡᠭᠦᠯᠬᠦ ᠶᠢ ᠠᠬᠢᠭᠤᠯᠪᠠ᠃ | ᠶᠤᠸᠠᠨ ᠵᠢᠶᠠ ᠰᠢᠨ᠄ ︽ᠥᠨᠥᠳᠥᠷ ᠬᠤᠰᠢᠭᠤ ᠤᠯᠤᠰ ᠲᠥᠷᠥ ᠶᠢᠨ ᠵᠥᠪᠯᠡᠯᠭᠡᠨ᠂ ᠨᠣᠮ ᠤᠨ ᠰᠠᠩ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠥᠬᠦᠳ ᠠᠴᠠ ᠨᠣᠮ | ᠪᠢᠴᠢᠭ ᠢ ᠤᠬᠠᠭᠤᠯᠤᠨ ᠲᠠᠶᠢᠯᠪᠤᠷᠢᠯᠠᠬᠤ᠂ ᠮᠡᠳᠡᠯᠭᠡ ᠶᠢᠨ ᠤᠷᠤᠯᠳᠤᠭᠠᠨ ᠪᠣᠯᠣᠨ ᠨᠣᠮ ᠬᠠᠨᠳᠢᠪᠯᠠᠬᠤ ᠠᠵᠢᠯᠯᠠᠭ᠎ᠠ | ᠥᠷᠨᠢᠭᠦᠯᠦᠭᠰᠡᠨ ᠪᠠᠶᠢᠨ᠎ᠠ᠃ ᠠᠵᠢᠯᠯᠠᠭ᠎ᠠ ᠳᠤ ᠣᠷᠣᠯᠴᠠᠭᠠᠳ ᠤᠯᠤᠰ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ᠂ | ᠶᠡᠷᠦᠩᠬᠡᠢ ᠱᠦᠵᠢ ᠶᠢᠨ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠵᠡᠷᠭᠡ ᠲᠠᠯ᠎ᠠ ᠪᠠᠷ ᠭᠦᠨᠵᠡᠭᠡᠢ | ᠣᠶᠢᠯᠠᠭᠠᠯᠲᠠ ᠲᠠᠢ ᠪᠣᠯᠵᠤ᠂ ᠦᠷᠭᠦᠯᠵᠢᠯᠡᠨ ᠴᠢᠷᠮᠠᠶᠢᠨ ᠳᠠᠪᠰᠢᠬᠤ ᠢᠲᠡᠭᠡᠯ ᠵᠣᠷᠢᠭ ᠨᠡᠮᠡᠭᠳᠡᠯ᠎ᠡ ︾ | ᠭᠡᠯᠡ᠃ | |